ᠦᠨᠦ ᠪᠤᠯ ᠶᠠᠭ ᠰᠠᠶ᠋ᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ | ᠬᠤᠭᠤᠴᠠᠭ᠎ᠠ ᠪᠤᠯᠤᠨ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠢᠨ ᠡᠯ᠎ᠡ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠠᠮᠢᠯᠠᠯ ᠤᠨ ᠤᠰᠤᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ | ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠦᠢᠯᠡᠴᠢᠯᠡᠭᠡᠨ ᠤ | ᠴᠢᠳᠠᠪᠤᠷᠢ ᠪᠠᠨ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ︽ᠠᠮᠢᠯᠠᠯ ᠤᠨ ᠤᠰᠤ︾ ᠪᠠᠷ ᠲᠠᠷᠢᠶᠠᠨ ᠭᠠᠵᠠᠷ ᠢ | ᠤᠨᠢᠨ ᠲᠡᠭᠡᠷ᠎ᠡ ᠨᠢ ᠤᠮᠳᠠᠯᠠᠵᠤ ᠪᠠᠶᠢᠨ᠎ᠠ᠃ | | ᠬᠠᠪᠤᠷ ᠤᠨ ᠬᠤᠭᠤᠰ ᠪᠤᠯᠬᠤᠶ᠎ᠠ᠂ ᠴᠠᠷᠠᠰᠤ ᠪᠠᠯᠭᠠᠰᠤᠨ ᠤ ᠬᠤᠨᠳᠤ ᠭᠠᠴᠠᠭ᠎ᠠ ᠶᠢᠨ ᠠᠷᠠᠳ ᠲᠠᠷᠢᠶᠠᠯᠠᠩ ᠤᠨ | ᠬᠡᠷᠡᠭᠰᠡᠯ ᠢ ᠬᠤᠳᠠᠯᠳᠤᠨ ᠠᠪᠬᠤ ᠪᠠᠷ ᠶᠠᠭᠠᠷᠠᠯᠳᠤᠵᠤ ᠪᠠᠶᠢᠯ᠎ᠠ᠃ ᠳ᠋ᠧᠩ ᠴᠦᠨ ᠮᠢᠩ ᠤᠨ ᠬᠢᠨ 80 ᠮᠦ | ᠲᠠᠷᠢᠶ᠎ᠠ ᠲᠠᠢ᠂ ᠲᠠᠷᠢᠶᠠᠨ ᠦᠷ᠎ᠡ᠂ ᠬᠢᠮᠢ ᠶᠢᠨ ᠪᠣᠷᠳᠣᠭᠤᠷ ᠬᠤᠳᠠᠯᠳᠤᠨ ᠠᠪᠬᠤ ᠳᠤ ᠬᠤᠶᠠᠷ ᠲᠦᠮᠡ ᠭᠠᠷᠤᠢ | ᠲᠥᠭᠦᠷᠢᠭ ᠬᠡᠷᠡᠭᠰᠡᠨ᠎ᠡ᠂ ᠲᠡᠷᠡ ᠶᠠᠭ ᠰᠠᠶ᠋ᠢᠬᠠᠨ ᠵᠠᠷᠤᠳᠠᠯ ᠮᠦᠩᠭᠦ ᠶᠢᠨ ᠲᠦᠯᠦᠭᠡ ᠵᠤᠪᠠᠵᠤ ᠪᠠᠶᠢᠳᠠᠯ᠎ᠠ᠂ ᠳᠤᠮᠳᠠᠳᠤ | ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠠᠯᠪᠤᠷᠢ ᠪᠠᠩᠬᠢ ᠶᠢᠨ | ᠠᠵᠢᠯᠲᠠᠳ ᠭᠡᠷ ᠲᠤᠨᠢ ᠬᠦᠷᠴᠦ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠬᠠᠩᠭᠠᠵᠤ᠂ ᠲᠡᠭᠦᠨ ᠳᠤ 7 ᠲᠦᠮᠡᠨ | ᠲᠥᠭᠦᠷᠢᠭ ᠤᠨ ᠢᠲᠡᠭᠡᠮᠵᠢᠲᠦ ᠵᠢᠭᠡᠯᠡᠯᠭᠡ ᠣᠯᠭᠤᠪᠠ᠂ ᠳ᠋ᠧᠩ ᠴᠦᠨ ᠮᠢᠩ ᠡᠨᠡ ᠵᠤᠭᠤᠰ ᠢᠶᠠᠷ ᠢᠶᠠᠨ ᠲᠠᠷᠢᠶᠠᠯᠠᠩ | ᠦᠢᠯᠡᠳᠪᠦᠷᠢᠯᠡᠯ ᠤᠨ ᠬᠡᠷᠡᠭᠰᠡᠯ ᠢ ᠬᠤᠳᠠᠯᠳᠤᠨ ᠠᠪᠬᠤ ᠪᠠ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠪᠠᠷ | ᠲᠥᠯᠥᠪᠯᠡᠵᠦ ᠪᠣᠶ᠃ | | ᠣᠶᠢᠯᠠᠭᠠᠭᠰᠠᠨ ᠢᠶᠠᠷ᠂ ᠵᠢᠯ ᠤᠨ ᠡᠬᠢᠨ ᠠᠴᠠ ᠨᠠᠰᠢ ᠲᠠᠷᠢᠶᠠᠯᠠᠩ ᠤᠨ ᠪᠠᠩᠬᠢ ᠶᠢᠨ ᠬᠤᠶᠢᠲᠤ ᠬᠤᠰᠢᠭᠤᠨ ᠤ | ᠰᠠᠯᠪᠤᠷᠢ ᠪᠠᠩᠬᠢ ᠨᠢ ︽ᠲᠠᠷᠢᠶᠠᠴᠢᠨ ᠡᠷᠦᠬᠡ ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ ᠪᠠᠶᠢᠭᠤᠯᠬᠤ + | ᠲᠠᠷᠢᠶᠠᠴᠢᠳ ᠲᠤ ᠠᠰᠢᠭ ᠬᠦᠷᠲᠡᠭᠡᠬᠦ e ᠵᠢᠭᠡᠯᠡᠯᠭᠡ ᠲᠠᠯᠪᠢᠬᠤ︾ ᠰᠦᠯᠵᠢᠶ᠎ᠡ ᠲᠡᠭᠡᠷ᠎ᠡ ᠵᠢᠭᠡᠯᠡᠯᠭᠡ ᠡᠷᠭᠢᠯᠡᠬᠦ ᠵᠠᠭᠪᠤᠷ ᠢ | ᠬᠡᠷᠡᠭᠯᠡᠨ᠂ ᠪᠥᠬᠦ ᠲᠣᠰᠬᠤᠨ ᠢᠶᠠᠷ ᠨᠢ ᠢᠲᠡᠭᠡᠮᠵᠢ ᠣᠯᠭᠤᠬᠤ ᠶᠢ ᠵᠣᠯᠭᠠᠭᠤᠯᠬᠤ ᠠᠵᠢᠯᠯᠠᠭ᠎ᠠ ᠶᠢ ᠢᠳᠡᠪᠬᠢᠲᠡᠢ | ᠥᠷᠨᠢᠭᠦᠯᠵᠦ᠂ ᠲᠣᠰ ᠡᠳᠦᠷ ᠲᠤ ᠬᠤᠨᠳᠤ ᠭᠠᠴᠠᠭ᠎ᠠ ᠶᠢᠨ 46 ᠡᠷᠦᠬᠡ ᠳᠤ ᠨᠡᠶᠢᠲᠡ 700 ᠭᠠᠷᠤᠢ ᠲᠦᠮᠡᠨ | ᠲᠥᠭᠦᠷᠢᠭ ᠵᠢᠭᠡᠯᠡᠯᠭᠡ ᠲᠠᠯᠪᠢᠪᠠ᠃ ᠣᠲᠣ ᠪᠣᠯᠲᠠᠯ᠎ᠠ ᠲᠤᠰ ᠪᠠᠩᠭᠢ ᠶᠢᠨ ︽ᠲᠠᠷᠢᠶᠠᠴᠢᠳ ᠲᠤ ᠠᠰᠢᠭ ᠬᠦᠷᠲᠡᠭᠡᠬᠦ e | ᠵᠢᠭᠡᠯᠡᠯᠭᠡ︾ ᠨᠢ ᠪᠥᠬᠦ ᠬᠤᠰᠢᠭᠤᠨ ᠤ 19 ᠰᠤᠮᠤ ᠪᠠᠯᠭᠠᠰᠤ ᠶᠢᠨ 243 ᠭᠠᠴᠠᠭ᠎ᠠ ᠲᠣᠰᠬᠤᠨ ᠢ ᠬᠠᠮᠤᠷᠴᠤ᠂ | ᠨᠡᠶᠢᠳᠡ 7.5 ᠳ᠋ᠦᠩᠰᠢᠭᠤᠷ ᠲᠥᠭᠦᠷᠢᠭ ᠵᠢᠭᠡᠯᠡᠯᠭᠡ ᠲᠠᠯᠪᠢᠵᠤ᠂ ᠦᠯᠡᠳᠡᠪᠦᠷᠢ ᠨᠢ 17 ᠳ᠋ᠦᠩᠰᠢᠭᠤᠷ ᠲᠥᠭᠦᠷᠢᠭ ᠢ | ᠳᠠᠪᠠᠵᠤ᠂ 4700 ᠭᠠᠷᠤᠢ ᠡᠷᠦᠬᠡ ᠮᠠᠯᠴᠢᠨ ᠲᠠᠷᠢᠶᠠᠴᠢᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠡᠯᠡ | ᠮᠥᠩᠭᠦ ᠶᠢᠨ ᠬᠡᠷᠡᠭᠴᠡᠭᠡ ᠶᠢ ᠰᠢᠢᠳᠪᠦᠷᠢᠯᠡᠨ ᠦᠭᠭᠦᠭᠰᠡᠨ ᠪᠠᠶᠢᠨ᠎ᠠ᠃ | | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠶᠢᠨ | ᠲᠥᠯᠥᠭᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠯ᠎ᠡ ᠲᠠᠷᠢᠶᠠᠯᠠᠩ ᠳᠤ ᠬᠤᠯᠪᠣᠭᠳᠠᠬᠤ ᠮᠥᠩᠭᠦᠨ | ᠭᠦᠢᠯᠭᠡᠭᠡᠨ ᠤ ᠪᠠᠶᠢᠭᠤᠯᠤᠮᠵᠢ ᠨᠤᠭᠤᠳ ᠲᠤᠰᠬᠠᠢ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ᠂ ᠵᠢᠭᠡᠯᠡᠯᠭᠡ ᠶᠢᠨ | ᠬᠦᠦ ᠶᠢᠨ ᠨᠣᠷᠮ᠎ᠠ ᠶᠢᠨ ᠬᠠᠷᠠᠭᠠᠯᠵᠠᠯ᠂ ᠰᠠᠭᠠᠳ ᠦᠭᠡᠢ ᠨᠡᠪᠲᠡᠷᠡᠬᠦ ᠵᠠᠮ ᠵᠡᠷᠭᠡ ᠳᠡᠮᠵᠢᠯᠭᠡ ᠬᠠᠩᠭᠠᠵᠤ᠂ ᠮᠠᠯᠵᠢᠬᠤ | ᠲᠠᠷᠢᠶᠠᠯᠠᠬᠤ ᠡᠷᠦᠬᠡ ᠶᠢᠨ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠪᠡᠯᠡ ᠮᠥᠩᠭᠦ ᠶᠢ | ᠴᠠᠭ ᠲᠤᠬᠠᠢ ᠳᠤᠨᠢ ᠲᠠᠩᠰᠠᠨ ᠳᠤ ᠣᠷᠣᠭᠤᠯᠵᠤ᠂ ᠲᠠᠷᠢᠶᠠᠯᠠᠩ ᠤᠨ ᠴᠠᠭ ᠢ ᠰᠠᠭᠠᠲᠠᠭᠠᠬᠤ ᠦᠭᠡᠢ ᠪᠠᠶᠢᠬᠤ ᠶᠢ | ᠪᠠᠳᠤᠯᠠᠪᠠ᠃ ᠡᠨᠡ ᠵᠢᠯ ᠤᠨ 2 ᠰᠠᠷ᠎ᠠ ᠶᠢᠨ ᠡᠴᠦᠰ ᠪᠣᠯᠲᠠᠯ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠲᠠᠷᠢᠶᠠᠯᠠᠩ ᠳᠤ ᠬᠤᠯᠪᠣᠭᠳᠠᠬᠤ 8 ᠮᠥᠩᠭᠦᠨ ᠭᠦᠢᠯᠭᠡᠭᠡᠨ ᠤ ᠪᠠᠶᠢᠭᠤᠯᠤᠮᠵᠢ ᠨᠡᠶᠢᠲᠡ 46.53 ᠳ᠋ᠦᠩᠰᠢᠭᠤᠷ | ᠲᠥᠭᠦᠷᠢᠭ ᠵᠢᠭᠡᠯᠡᠯᠭᠡ ᠲᠠᠯᠪᠢᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠳᠤ ᠮᠥᠩᠭᠦᠨ | ᠭᠦᠢᠯᠭᠡᠭᠡᠨ ᠤ ᠬᠦᠴᠦᠲᠡᠢ ᠳᠡᠮᠵᠢᠯᠭᠡ ᠬᠠᠩᠭᠠᠭᠰᠠᠨ ᠪᠠᠶᠢᠨ᠎ᠠ᠃ | |