︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠣᠯᠠᠨ | ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠦᠷᠦᠭᠦᠯᠡᠨ᠂ ᠨᠠᠮ ᠤᠨ | ᠭᠡᠰᠢᠭᠦᠨ ᠺᠠᠳ᠋ᠷ ᠲᠠᠷᠢᠶᠠᠴᠢᠨ ᠡᠷᠦᠬᠡ ᠳᠤ ᠭᠦᠨᠵᠡᠭᠡᠶᠢᠷᠡᠨ᠂ ᠡᠷᠦᠬᠡ ᠳᠠᠷᠠᠭᠠᠯᠠᠨ ︽ᠠᠷᠠᠳ ᠤᠨ ᠠᠮᠢᠳᠤᠷᠠᠯ ᠤᠨ | ᠳᠠᠩᠰᠠ︾᠂ ︽ᠬᠦᠴᠢᠷᠳᠡᠯ ᠤᠨ ᠲᠠᠩᠰᠠ︾᠂ ︽ᠬᠥᠭᠵᠢᠯᠲᠡ ᠶᠢᠨ ᠲᠠᠩᠰᠠ︾ ᠶᠢ ᠰᠠᠶᠢᠳᠦᠷ ᠪᠤᠳᠤᠵᠤ᠂ | ᠣᠶᠢᠷ᠎ᠠ ᠶᠢᠨ ᠠᠷᠪᠠᠨ ᠵᠢᠯ ᠤᠨ ᠲᠤᠷᠰᠢ ᠭᠥᠷᠳᠡᠭᠰᠡᠨ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠨᠥᠬᠦᠪᠦᠷᠢ᠂ | ᠠᠷᠠᠳ ᠲᠤ ᠠᠰᠢᠭᠲᠠᠢ ᠲᠥᠷᠥᠯ ᠵᠦᠢᠯ ᠪᠠ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢᠨ ᠲᠤᠬᠠᠢ | ᠠᠷᠠᠳ ᠤᠨ ᠰᠠᠨᠠᠯ ᠢ ︽ᠨᠢᠭᠤᠷᠳᠠᠨ︾ ᠰᠣᠨᠣᠰᠴᠤ᠂ ᠨᠠᠮ ᠤᠨ ᠠᠴᠢ ᠡᠨᠡᠷᠢᠯ ᠢ ᠰᠡᠳᠬᠢᠯ ᠠᠭᠤᠵᠢᠷᠠᠳᠠᠯ᠎ᠠ | ᠶᠠᠷᠢᠯᠴᠠᠬᠤ ᠪᠠᠷ ᠳᠠᠮᠵᠢᠭᠤᠯᠤᠨ᠂ ᠨᠠᠮ ᠤᠨ ᠬᠠᠶᠢᠷ᠎ᠠ ᠬᠠᠯᠠᠮᠵᠢᠯᠠᠯ ᠢᠶᠠᠷ ᠣᠯᠠᠨ ᠲᠦᠮᠡᠨ ᠤ ᠰᠡᠳᠬᠢᠯ ᠢ ᠨᠡᠩ | ᠲᠤᠯᠠᠭᠠᠴᠠᠭᠤᠯᠵᠤ ᠪᠠᠶᠢᠨ᠎ᠠ᠃ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠠᠶᠠᠨᠮᠤᠳᠤ ᠰᠤᠮᠤᠨ ᠤ ᠬᠤᠶᠢᠲᠤ ᠪᠠᠶᠠᠨᠮᠤᠳᠤ ᠪᠠᠭ᠎ᠠ | ᠳᠤᠭᠤᠶᠢᠯᠠᠩ ᠤᠨ ᠶᠢᠨ ᠬᠤᠸᠠ ᠡᠷ᠎ᠡ ᠨᠥᠬᠦᠷ ᠨᠢ ᠨᠠᠰᠤ ᠪᠠᠷᠠᠭᠰᠠᠨ ᠤ ᠲᠠᠷᠠᠭ᠎ᠠ᠂ ᠭᠠᠭᠴᠠᠭᠠᠷ ᠢᠶᠠᠨ ᠭᠤᠷᠪᠠᠨ | ᠬᠡᠦᠬᠡᠳ ᠢᠶᠠᠨ ᠲᠡᠵᠢᠭᠡᠵᠦ᠂ ᠠᠮᠢᠳᠤᠷᠠᠯ ᠤᠨ ᠲᠠᠯ᠎ᠠ ᠪᠠᠷ ᠮᠠᠰᠢ ᠬᠦᠴᠢᠷᠲᠡᠢ ᠪᠠᠶᠢᠪᠠ᠃ 2014 ᠣᠨ ᠳᠤ | ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠲᠡᠭᠦᠨ ᠳᠤ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠲᠠᠯ᠎ᠠ ᠶᠢᠨ ᠠᠪᠤᠷᠠᠨ | ᠲᠤᠰᠠᠯᠠᠬᠤ᠂ ᠨᠥᠬᠦᠪᠦᠷᠢ ᠥᠭᠬᠦ ᠭᠠᠷ ᠭᠦᠢᠴᠡᠳᠬᠡᠯ ᠢ ᠴᠠᠭ ᠲᠤᠬᠠᠢ ᠳᠤᠨᠢ ᠬᠢᠵᠦ ᠥᠭᠭᠦᠭᠡᠳ᠂ ᠲᠦᠷᠦ ᠶᠢᠨ | ᠪᠣᠳᠣᠯᠭ᠎ᠠ ᠶᠢ ᠦᠨᠡᠨ ᠬᠦ ᠮᠠᠯᠴᠢᠨ ᠲᠠᠷᠢᠶᠠᠴᠢᠳ ᠤᠨ ᠨᠢᠳᠦᠨ ᠳᠤ ᠦᠵᠡᠭᠳᠡᠮ᠎ᠡ᠂ ᠭᠠᠷ ᠲᠤ ᠪᠠᠷᠢᠭᠳᠠᠮ᠎ᠠ ᠦᠨᠡᠨ | ᠪᠣᠳᠠᠲᠠᠢ ᠠᠰᠢᠭ ᠲᠤᠰᠠ ᠪᠣᠯᠭᠠᠨ ᠬᠤᠪᠢᠷᠠᠭᠤᠯᠵᠠᠢ᠃ ᠤᠳᠤ ᠲᠡᠳᠡᠨ ᠤ ᠬᠢᠨ 24 ᠦᠬᠡᠷ᠂ 60 ᠭᠠᠷᠤᠢ ᠮᠦ | ᠲᠠᠷᠢᠶ᠎ᠠ ᠲᠠᠢ ᠪᠤᠯᠵᠤ᠂ ᠵᠢᠯ ᠪᠦᠷᠢ ᠶᠢᠨ ᠣᠷᠣᠯᠭ᠎ᠠ ᠨᠢ 10 ᠲᠦᠮᠡᠨ ᠲᠥᠭᠦᠷᠢᠭ ᠣᠷᠴᠢᠮ ᠬᠦᠷᠴᠦ ᠪᠠᠶᠢᠨ᠎ᠠ᠃ | ᠶᠢᠨ ᠬᠤᠸᠠ ᠨᠠᠮ ᠤᠨ ᠠᠴᠢ ᠡᠨᠡᠷᠢᠯ ᠢ ᠳᠤᠷᠠᠰᠤᠨ ᠰᠠᠨᠠᠭᠠᠯᠵᠠᠬᠤ ᠳᠠᠭᠠᠨ᠄ ︽2014 ᠣᠨ ᠳᠤ | ᠤᠯᠤᠰ ᠤᠨ ᠶᠠᠳᠠᠭᠤ ᠶᠢ ᠲᠡᠳᠬᠦᠬᠦ ᠵᠢᠭᠡᠯᠡᠯᠭᠡ ᠶᠢ 5 ᠲᠦᠮᠡᠨ ᠲᠥᠭᠦᠷᠢᠭ ᠵᠢᠭᠡᠯᠡᠵᠦ᠂ 5 ᠦᠬᠡᠷ ᠬᠤᠳᠠᠯᠳᠤᠨ | ᠠᠪᠴᠠᠢ᠂ 2016 ᠣᠨ ᠳᠤ ᠬᠤᠶᠠᠷ ᠬᠡᠦᠬᠡᠳ ᠶᠡᠭᠡ ᠰᠤᠷᠭᠠᠭᠤᠯᠢ ᠳᠤ ᠣᠷᠣᠵᠤ᠂ ᠶᠠᠳᠠᠭᠤ ᠬᠦᠴᠢᠷᠳᠡᠯᠲᠡᠢ ᠭᠡᠷ | ᠪᠦᠯᠢ ᠶᠢᠨ ᠣᠶᠤᠲᠠᠳ ᠤᠨ ᠲᠡᠳᠬᠦᠮᠵᠢ ᠶᠢᠨ ᠰᠦᠢᠳᠬᠡᠯ ᠢ 8 ᠲᠦᠮᠡᠨ ᠲᠥᠭᠦᠷᠢᠭ ᠬᠦᠷᠳᠡᠪᠡ᠂ ᠡᠳᠡᠭᠡᠷ | ᠵᠢᠯ ᠤᠳ ᠲᠤ ᠨᠠᠮ ᠤᠨ ᠰᠠᠶᠢᠨ ᠲᠦᠷᠦ ᠶᠢᠨ ᠪᠣᠳᠣᠯᠭ᠎ᠠ ᠪᠠᠶᠢᠭᠰᠠᠨ ᠳᠠᠭᠠᠨ ᠪᠤᠯᠵᠠᠢ᠂ ᠡᠰᠡ ᠲᠡᠶᠢᠮᠦ ᠪᠤᠯ ᠮᠠᠨ ᠤ | ᠭᠡᠷ ᠤᠨ ᠲᠦᠷᠪᠡᠡ ᠠᠮᠠ ᠶᠢᠨ ᠠᠮᠢᠳᠤᠷᠠᠯ ᠢᠶᠠᠨ ᠶᠠᠭᠠᠬᠢᠵᠤ ᠠᠷᠭᠠᠴᠠᠬᠤ ᠪᠠᠨ ᠮᠡᠳᠡᠬᠦ ᠦᠭᠡᠢ︾ ᠭᠡᠵᠦ ᠰᠡᠳᠬᠢᠯ | ᠲᠤᠭᠳᠤᠯᠤᠨ ᠬᠡᠯᠡᠪᠡ᠃ | ᠨᠠᠮ ᠪᠠ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠠᠶᠢᠨ ᠲᠥᠷᠥ ᠶᠢᠨ ᠪᠣᠳᠣᠯᠭ᠎ᠠ ᠶᠢᠨ ᠲᠤᠬᠠᠢ | ᠵᠤᠭᠤᠭ ᠲᠡᠯᠭᠡᠬᠦ ᠳᠡᠭᠡᠨ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠨᠵᠤᠭ᠎ᠠ ᠪᠠᠯᠭᠠᠰᠤᠨ ᠤ ᠰᠠᠭᠤᠭᠠᠯᠢ | ᠠᠷᠠᠳ ᠭᠦᠩ ᠱᠸᠦ ᠲᠢᠩ᠄ ︽2023 ᠣᠨ ᠳᠤ᠂ ᠪᠢ ᠡᠪᠡᠳᠴᠢᠨ ᠤ ᠬᠠᠷᠠᠭ᠎ᠠ ᠪᠠᠷ ᠮᠡᠰᠡ ᠵᠠᠰᠠᠯ ᠬᠢᠬᠦ ᠳᠤ | 10000 ᠭᠠᠷᠤᠢ ᠲᠥᠭᠦᠷᠢᠭ ᠵᠠᠷᠤᠴᠠᠭᠤᠯᠵᠤ᠂ ᠳᠠᠩᠰᠠ ᠪᠠᠨ ᠪᠤᠳᠤᠬᠤ ᠳᠤ ᠬᠤᠪᠢ ᠪᠠᠷ ᠢᠶᠠᠨ ᠰᠠᠶ᠋ᠢ 3000 | ᠭᠠᠷᠤᠢ ᠲᠥᠭᠦᠷᠢᠭ ᠵᠠᠷᠤᠴᠠᠭᠤᠯᠵᠤ᠂ 7000 ᠲᠥᠭᠦᠷᠢᠭ ᠤᠨ ᠳᠠᠩᠰᠠ ᠲᠠᠶᠢᠯᠪᠠ᠂ ᠡᠪ ᠬᠠᠮᠲᠤ ᠨᠠᠮ ᠠᠷᠠᠳ | ᠲᠦᠮᠡᠨ ᠳᠤ ᠦᠨᠡᠨᠬᠦ ᠵᠣᠯ ᠵᠢᠷᠭᠠᠯ ᠡᠳ᠋ᠯᠡᠭᠦᠯᠵᠦ ᠪᠠᠶᠢᠨ᠎ᠠ᠂ ᠬᠤᠶᠢᠰᠢᠳᠠ ᠶᠢᠨ ᠠᠮᠢᠳᠤᠷᠠᠯ ᠤᠯᠠᠮ ᠠᠴᠠ ᠤᠯᠠᠮ | ᠪᠠᠲᠤᠯᠠᠭ᠎ᠠ ᠲᠠᠢ ᠪᠣᠯᠵᠠᠢ︾ ᠭᠡᠵᠦ ᠬᠡᠯᠡᠪᠡ᠃ | ᠵᠢᠷᠭᠠᠯᠠᠩ ᠪᠠᠯᠭᠠᠰᠤᠨ ᠤ ᠰᠤᠳᠤᠨ ᠠᠶᠢᠯ ᠭᠠᠴᠠᠭ᠎ᠠ ᠳᠤ᠂ ᠲᠣᠰᠬᠤᠨ ᠤ ᠠᠷᠠᠳ ᠶᠠᠭ ᠰᠠᠶ᠋ᠢᠬᠠᠨ ᠲᠠᠷᠢᠶᠠᠯᠠᠬᠤ | ᠴᠠᠭ ᠢ ᠠᠮᠵᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠠᠭᠠᠨ ᠭᠠᠪᠰᠢᠭᠠᠶᠢᠯᠠᠵᠤ᠂ ᠲᠠᠷᠢᠶᠠᠨ ᠦᠷ᠎ᠡ᠂ | ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠢᠶᠠᠨ ᠵᠦᠭᠡᠭᠡᠪᠦᠷᠢᠯᠡᠨ ᠶᠠᠭᠠᠷᠠᠯᠳᠤᠵᠤ ᠪᠠᠶᠢᠯ᠎ᠠ᠃ | ᠨᠠᠮ ᠤᠨ ᠡᠭᠦᠷ ᠤᠨ ᠱᠦᠵᠢ ᠨᠠᠰᠤᠨᠳᠡᠯᠭᠡᠷ᠄ ︽3 ᠰᠠᠷ᠎ᠠ ᠣᠷᠣᠭᠰᠠᠨ ᠠᠴᠠ ᠨᠠᠰᠢ᠂ ᠲᠣᠰᠬᠤᠨ ᠤ ᠠᠷᠠᠳ ᠴᠥᠮ | ᠬᠠᠪᠤᠷ ᠤᠨ ᠲᠠᠷᠢᠶᠠᠯᠠᠭ᠎ᠠ ᠳᠤ ᠢᠳᠡᠪᠬᠢᠲᠡᠢ ᠪᠡᠯᠡᠳᠬᠡᠯ ᠬᠢᠵᠦ᠂ ᠡᠨᠡ ᠵᠢᠯ ᠰᠠᠶᠢᠨ ᠬᠤᠷᠢᠶᠠᠯᠲᠠ ᠣᠯᠬᠤ ᠪᠠᠷ | ᠴᠢᠷᠮᠠᠶᠢᠵᠤ ᠪᠠᠶᠢᠨ᠎ᠠ᠃ ᠡᠲᠡᠭᠡᠷ ᠵᠢᠯ ᠤᠳ ᠲᠤ ᠨᠠᠮ ᠪᠣᠯᠣᠨ ᠤᠯᠤᠰ ᠤᠨ ᠠᠰᠢᠭ ᠬᠦᠷᠲᠡᠭᠡᠬᠦ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢᠨ ᠨᠥᠬᠦᠪᠦᠷᠢ ᠪᠡᠯᠡ ᠮᠥᠩᠭᠦ ᠶᠢ ᠮᠠᠯᠴᠢᠨ ᠲᠠᠷᠢᠶᠠᠴᠢᠳ ᠲᠤ ᠵᠠᠯᠭ᠎ᠠ ᠵᠠᠯᠭ᠎ᠠ ᠪᠠᠷ | ᠲᠠᠷᠬᠠᠭᠠᠵᠤ᠂ ᠤᠯᠤᠰ ᠭᠡᠷ ᠤᠨ ᠪᠠᠳᠤ ᠲᠦᠰᠢᠭ ᠢᠶᠠᠷ ᠲᠣᠰᠬᠤᠨ ᠤ ᠠᠷᠠᠳ ᠤᠨ ᠠᠮᠢᠳᠤᠷᠠᠯ ᠤᠯᠠᠮ ᠠᠴᠠ ᠤᠯᠠᠮ | ᠦᠭᠡᠳᠡᠯᠡᠵᠦ᠂ ᠳᠠᠷᠢᠵᠤ ᠲᠡᠵᠢᠭᠡᠬᠦ ᠬᠡᠪᠴᠢᠶ᠎ᠡ ᠴᠦ ᠳᠠᠭᠠᠯᠳᠤᠨ ᠥᠷᠭᠡᠳᠴᠦ᠂ ᠣᠷᠣᠯᠭ᠎ᠠ ᠨᠢ ᠤᠯᠠᠮ ᠠᠴᠠ ᠤᠯᠠᠮ | ᠥᠨᠳᠥᠷ ᠪᠣᠯᠵᠤ᠂ ᠠᠮᠢᠳᠤᠷᠠᠯ ᠨᠢ ᠤᠯᠠᠮ ᠠᠴᠠ ᠤᠯᠠᠮ ᠥᠭᠡᠳᠡᠯᠡᠵᠦ ᠪᠠᠶᠢᠨ᠎ᠠ︾ ᠭᠡᠵᠤ ᠪᠠᠶᠠᠷᠳᠠᠢ ᠬᠡᠯᠡᠪᠡ᠃ | ᠤᠶᠢᠷ᠎ᠡ ᠶᠢᠨ ᠠᠷᠪᠠᠨ ᠵᠢᠯ ᠤᠨ ᠲᠤᠷᠰᠢ᠂ ᠰᠤᠳᠤᠨ ᠠᠶᠢᠯ ᠭᠠᠴᠠᠭᠠᠨ ᠤ ᠭᠤᠣᠯ ᠪᠣᠯᠬᠤ ᠲᠠᠷᠢᠮᠠᠯ ᠤᠨ ᠮᠦ | ᠪᠦᠷᠢ ᠶᠢᠨ ᠤᠨᠠᠯᠲᠠ 2013 ᠣᠨ ᠳᠤ 350 ᠺᠢᠯᠣᠭ᠍ᠷᠠᠮ ᠪᠠᠶᠢᠭᠰᠠᠨ ᠠᠴᠠ ᠪᠠᠨ ᠨᠡᠮᠡᠭᠳᠡᠭᠡᠳ ᠣᠲᠣ ᠪᠣᠯᠬᠤ ᠳᠤ | 600 ᠺᠢᠯᠣᠭ᠍ᠷᠠᠮ ᠪᠣᠯᠵᠠᠢ︔ ᠪᠥᠬᠦ ᠭᠠᠴᠠᠭᠠᠨ ᠤ ᠦᠬᠡᠷ ᠲᠡᠵᠢᠭᠡᠭᠰᠡᠨ ᠲᠤᠭ᠎ᠠ ᠬᠡᠮᠵᠢᠶ᠎ᠡ ᠴᠦ ᠤᠤᠯ ᠤᠨ 1304 | ᠪᠠᠶᠢᠭᠰᠠᠨ ᠠᠴᠠ ᠪᠠᠨ 4050 ᠪᠣᠯᠵᠤ ᠨᠡᠮᠡᠭᠳᠡᠨ᠂ ᠬᠥᠮᠥᠨ ᠳᠤᠮᠳᠠᠴᠢ 4.2 ᠨᠤᠭᠳᠠᠬᠤ ᠪᠣᠯᠵᠠᠢ︔ ᠬᠥᠮᠥᠨ | ᠳᠤᠮᠳᠠᠴᠢ ᠡᠵᠡᠮᠳᠡᠵᠦ ᠪᠣᠯᠬᠤ ᠣᠷᠣᠯᠭ᠎ᠠ 2013 ᠣᠨ ᠳᠤ 4600 ᠲᠥᠭᠦᠷᠢᠭ ᠪᠠᠶᠢᠭᠰᠠᠨ ᠠᠴᠠ ᠪᠠᠨ | ᠨᠡᠮᠡᠭᠳᠡᠭᠡᠳ 12200 ᠲᠥᠭᠦᠷᠢᠭ ᠬᠦᠷᠴᠦ᠂ ᠦᠨᠡᠨ ᠪᠤᠳᠠᠳᠠᠢ ᠲᠤᠭ᠎ᠠ ᠪᠠᠷᠢᠮᠲᠠ ᠨᠢ ᠮᠠᠯᠴᠢᠨ ᠲᠠᠷᠢᠶᠠᠴᠢᠨ ᠤ ᠵᠣᠯ | ᠵᠢᠷᠭᠠᠯᠲᠤ ᠠᠮᠢᠳᠤᠷᠠᠯ ᠢ ᠨᠡᠩ ᠣᠨᠣᠪᠴᠢᠲᠠᠶ ᠢᠯᠡᠳᠭᠡᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠨᠠᠮ ᠤᠨ ᠠᠴᠢ ᠶᠢ ᠮᠡᠳᠡᠷᠡᠵᠦ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠥᠷᠨᠢᠭᠦᠯᠬᠦ ᠳᠤᠮᠳᠠ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠰᠤᠷᠭᠠᠨ ᠬᠥᠮᠦᠵᠢᠯ | ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ ᠵᠡᠷᠭᠡ ᠬᠦᠷᠢᠶᠡᠨ ᠳᠠᠬᠢ ᠡᠯ᠎ᠡ ᠲᠥᠷᠥᠯ ᠤᠨ ᠨᠥᠬᠦᠪᠦᠷᠢ ᠶᠢᠨ | ᠲᠥᠷᠥ ᠶᠢᠨ ᠪᠣᠳᠣᠯᠭ᠎ᠠ ᠶᠢ ᠨᠡᠶᠢᠲᠡ 34 ᠵᠦᠢᠯ ᠡᠮᠬᠢᠯᠡᠨ ᠳᠢᠭᠯᠡᠵᠦ᠂ ᠠᠵᠢᠯ ᠳᠤ ᠪᠠᠶᠢᠭ᠎ᠠ ᠨᠠᠮ ᠤᠨ ᠭᠡᠰᠢᠭᠦᠨ | ᠨᠡᠶᠢᠭᠡᠮ ᠲᠣᠭᠤᠷᠢᠭ ᠲᠤ 2732 ᠬᠥᠮᠥᠨ ᠤᠳᠠᠭ᠎ᠠ ᠭᠦᠨᠵᠡᠭᠡᠶᠢᠷᠡᠵᠦ᠂ ᠡᠷᠦᠬᠡ ᠳᠤ ᠣᠷᠣᠬᠤ ᠪᠠ ᠡᠭᠦᠳᠡ | ᠲᠣᠭᠰᠢᠬᠤ ᠠᠵᠢᠯᠯᠠᠭ᠎ᠠ 8 ᠲᠦᠮᠡ ᠭᠠᠷᠤᠢ ᠤᠳᠠᠭ᠎ᠠ ᠥᠷᠨᠢᠭᠦᠯᠵᠦ᠂ ᠰᠠᠨᠠᠯ ᠰᠠᠨᠠᠭᠤᠯᠭ᠎ᠠ ᠨᠡᠶᠢᠳᠡ 3072 ᠵᠦᠢᠯ | ᠬᠤᠷᠢᠶᠠᠵᠤ᠂ ᠪᠣᠳᠠᠲᠠᠢ ᠠᠵᠢᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠨᠡᠶᠢᠳᠡ 2256 ᠵᠦᠢᠯ | ᠭᠦᠢᠴᠡᠳᠭᠡᠵᠦ᠂ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠡᠶᠢᠳᠡ 474 ᠤᠳᠠᠭ᠎ᠠ ᠥᠷᠨᠢᠭᠦᠯᠵᠦ᠂ 20 | ᠭᠠᠷᠤᠢ ᠺᠠᠳ᠋ᠷ ᠣᠯᠠᠨ ᠲᠦᠮᠡᠨ ᠢ ᠬᠠᠮᠤᠷᠤᠭᠰᠠᠨ ᠪᠠᠶᠢᠨ᠎ᠠ᠃ | | | | |