3 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ | ᠮᠡᠳᠡᠭᠡ ᠵᠠᠩᠭᠢᠵᠢᠯᠲᠠ ᠶᠢᠨ ᠵᠥᠪᠯᠡᠯ ᠬᠤᠷᠠᠯ ᠬᠤᠷᠠᠯᠳᠤᠭᠤᠯᠵᠤ᠂ ᠪᠥᠬᠦ ᠤᠯᠤᠰ᠂ ᠪᠥᠬᠦ ᠣᠷᠣᠨ᠂ ᠪᠥᠬᠦ | ᠬᠤᠲᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠡᠷᠬᠢᠯᠡᠭᠴᠢᠳ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠢ | ᠡᠷᠭᠢᠴᠡᠭᠦᠯᠦᠨ ᠳ᠋ᠦᠩᠨᠡᠵᠦ᠂ ᠣᠳᠣᠬᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ 2024 ᠣᠨ ᠤ | ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ | ᠬᠤᠰᠢᠭᠤᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ | ᠵᠥᠪᠯᠡᠯ ᠤᠨ ᠡᠷᠬᠢᠯᠡᠭᠴᠢ ᠰᠢᠶᠧ ᠴᠦᠨ ᠾᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠡᠷᠭᠢᠯᠡᠪᠡ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤᠨ ᠤ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠳᠠᠬᠢ ᠨᠠᠮ ᠤᠨ | ᠪᠥᠬᠦ ᠲᠠᠯ᠎ᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠰᠦᠯᠵᠢᠶᠡᠨ ᠤ ᠦᠵᠡᠯ ᠤᠬᠠᠮᠰᠠᠷ ᠤᠨ | ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠤᠨ᠂ ᠰᠦᠯᠵᠢᠶᠡᠨ ᠤ ᠠᠮᠤᠷ | ᠲᠦᠪᠰᠢᠨ ᠤ ᠬᠠᠯᠬᠠᠪᠴᠢ ᠡᠳᠦᠷ ᠢᠷᠡᠬᠦᠶ᠎ᠡ ᠪᠠᠬᠢᠵᠢᠵᠦ᠂ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠰᠢᠨ᠎ᠡ | ᠠᠬᠢᠴᠠ ᠲᠠᠢ ᠪᠣᠯᠪᠠ᠃ ᠡᠨᠡ ᠵᠢᠯ ᠤᠨ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠵᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠦᠯᠵᠢᠶᠡᠨ ᠤ | ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠵᠤ᠂ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠠᠯᠪᠠᠨ ᠭᠡᠷ ᠤᠨ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠥᠬᠦ | ᠲᠠᠯ᠎ᠠ ᠶᠢᠨ ᠳᠡᠭᠡᠳᠦ ᠬᠡᠮᠵᠢᠶᠡᠨ ᠠᠴᠠ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠢ ᠲᠠᠨᠢᠨ | ᠰᠦᠪᠡᠭᠴᠢᠯᠡᠵᠦ᠂ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠪᠠ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ | ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠵᠥᠪ ᠲᠠᠯ᠎ᠠ ᠶᠢᠨ ᠤᠬᠠᠭᠤᠯᠭ᠎ᠠ ᠪᠣᠯᠣᠨ ᠶᠠᠷᠢᠶ᠎ᠠ ᠬᠡᠯᠡᠯᠴᠡᠭᠡᠨ ᠤ | ᠵᠢᠯᠣᠭᠤᠳᠤᠯᠭ᠎ᠠ ᠶᠢ ᠴᠢᠩᠭᠠᠳᠬᠠᠵᠤ᠂ ᠰᠦᠯᠵᠢᠶᠡᠨ ᠲᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡᠪᠡᠷ ᠬᠦᠴᠦᠯᠡᠵᠦ᠂ | ᠵᠢᠵᠢᠭ ᠰᠠᠵᠢᠭ ᠵᠦᠢᠯ ᠢ ᠣᠨᠣᠪᠴᠢᠲᠠᠢ ᠡᠷᠢᠵᠦ᠂ ᠵᠢᠵᠢᠭ ᠦᠯᠢᠭᠡᠷ ᠢ ᠰᠠᠶᠢᠲᠤᠷ ᠶᠠᠷᠢᠵᠤ᠂ ᠵᠥᠪ ᠲᠠᠯ᠎ᠠ ᠶᠢᠨ | ᠤᠬᠠᠭᠤᠯᠭ᠎ᠠ ᠶᠢᠨ ᠬᠦᠷᠦᠯᠴᠡᠬᠦ ᠨᠤᠷᠮ᠎ᠠ ᠶᠢ ᠴᠢᠨᠠᠭᠰᠢᠳᠠ ᠳᠡᠭᠡᠭᠰᠢᠯᠡᠭᠦᠯᠵᠦ᠂ ᠥᠷᠭᠡᠨ ᠤᠯᠠᠨ ᠰᠦᠯᠵᠢᠶᠡᠨ ᠤ | ᠢᠷᠭᠡᠳ ᠤᠨ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠮᠡᠳᠡᠷᠡᠬᠦ ᠰᠡᠳᠬᠢᠯᠭᠡ ᠶᠢ ᠲᠠᠰᠤᠷᠠᠯᠲᠠ ᠦᠭᠡᠢ | ᠨᠡᠮᠡᠭᠳᠡᠭᠦᠯᠬᠦ ᠬᠡᠷᠡᠭᠲᠡᠢ᠃ ᠰᠦᠯᠵᠢᠶᠡᠨ ᠲᠡᠭᠡᠷ᠎ᠡ ᠤᠯᠠᠨ ᠲᠦᠮᠡᠨᠴᠢ ᠱᠤᠭᠤᠮ ᠢᠶᠠᠷ ᠡᠷᠡᠰ ᠭᠤᠶᠢᠪᠢᠰᠢ ᠦᠭᠡᠢ ᠵᠠᠮᠨᠠᠵᠤ | ᠂ ᠰᠦᠯᠵᠢᠶᠡᠨ ᠤ ᠠᠷᠠᠳ ᠤᠨ ᠰᠠᠨᠠᠭ᠎ᠠ ᠶᠢ ᠴᠠᠭ ᠲᠤᠬᠠᠢ ᠳᠤᠨᠢ ᠴᠤᠭᠯᠠᠭᠤᠯᠵᠤ᠂ ᠰᠦᠯᠵᠢᠶᠡᠨ ᠤ ᠢᠷᠭᠡᠳ ᠤᠨ | ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠰᠦᠯᠵᠢᠶ᠎ᠡ ᠶᠢ ᠦᠨᠡᠨᠬᠦ ᠵᠠᠰᠠᠭ ᠤᠨ | ᠣᠷᠳᠣᠨ ᠪᠣᠯᠣᠨ ᠤᠯᠠᠨ ᠲᠦᠮᠡᠨ ᠤ ︽ᠰᠡᠳᠬᠢᠯ ᠢ ᠬᠤᠯᠪᠣᠬᠤ ᠬᠥᠭᠦᠷᠭᠡ︾ ᠪᠣᠯᠭᠠᠬᠤ ᠬᠡᠷᠡᠭᠲᠡᠢ᠃ ᠰᠦᠯᠵᠢᠶᠡᠨ ᠤ | ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠬᠤᠣᠷ ᠬᠥᠨᠥᠭᠡᠯ ᠲᠠᠢ ᠮᠡᠳᠡᠭᠡ ᠵᠠᠩᠭᠢ ᠶᠢ | ᠵᠥᠪ ᠣᠨᠣᠪᠴᠢᠲᠠᠢ ᠢᠯᠭᠠᠨ ᠲᠠᠨᠢᠬᠤ ᠪᠠ ᠪᠦᠲᠦᠮᠵᠢᠲᠡᠢ ᠬᠠᠮᠢᠶᠠᠷᠤᠨ ᠡᠵᠡᠮᠳᠡᠵᠦ᠂ ᠰᠦᠯᠵᠢᠶᠡᠨ ᠤ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠰᠦᠯᠵᠢᠶᠡᠨ ᠤ | ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠰᠦᠯᠵᠢᠶᠡᠨ ᠤ ᠠᠮᠤᠷ ᠲᠦᠪᠰᠢᠨ ᠢ ᠰᠠᠬᠢᠨ ᠬᠠᠮᠠᠭᠠᠯᠠᠬᠤ ᠬᠡᠷᠡᠭᠲᠡᠢ᠃ | ᠠᠵᠤ ᠦᠢᠯᠡᠰ ᠤᠨ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶᠢᠵᠢᠭᠤᠯᠵᠤ᠂ | ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠨ᠂ ᠰᠡᠳᠬᠢᠯ ᠢᠶᠠᠨ ᠨᠢᠭᠡᠳᠬᠡᠨ ᠰᠦᠯᠵᠢᠶ᠎ᠡ ᠶᠢ ᠴᠢᠩᠭᠠᠳᠬᠠᠬᠤ᠂ ᠬᠦᠴᠦ ᠪᠠᠨ ᠬᠠᠮᠲᠤᠳᠬᠠᠨ ᠰᠦᠯᠵᠢᠶ᠎ᠡ ᠶᠢ | ᠬᠠᠮᠢᠶᠠᠷᠬᠤ᠂ ᠬᠠᠮᠵᠢᠯᠴᠠᠨ ᠰᠦᠯᠵᠢᠶ᠎ᠡ ᠶᠢ ᠵᠠᠰᠠᠬᠤ ᠠᠮᠢᠳᠤᠯᠢᠭ ᠪᠠᠶᠢᠳᠠᠯ ᠢ ᠪᠣᠶ ᠪᠣᠯᠭᠠᠵᠤ᠂ ᠪᠥᠬᠦ ᠬᠤᠰᠢᠭᠤᠨ ᠤ | ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ | ᠭᠡᠵᠡᠢ᠃ | | | |