ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/27
    3 ᠰᠠᠷ᠎ᠠ ᠶᠢᠨ 25 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠵᠤ᠂ ᠨᠢᠳᠤᠨᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠳ᠋ᠦᠩᠨᠡᠵᠦ᠂ ᠡᠨᠡ ᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠹᠠᠩ ᠾᠦᠢ ᠬᠤᠷᠠᠯ ᠡᠷᠭᠢᠯᠡᠪᠡ᠃ 
科左后旗党建工作会议召开.jpg
     ᠰᠢᠶᠧ ᠴᠦᠨ ᠾᠧ ᠶᠠᠷᠢᠶᠠᠨ ᠳᠠᠭᠠᠨ ᠨᠢᠳᠤᠨᠤᠨ ᠤ ᠪᠦᠭᠦ ᠬᠤᠰᠢᠭᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠣᠯᠣᠭᠰᠠᠨ ᠡᠯᠪᠡᠭ ᠦᠷ᠎ᠡ ᠪᠦᠲᠦᠭᠡᠯ ᠢ ᠭᠦᠢᠴᠡᠳ ᠨᠤᠲᠠᠯᠠᠵᠠᠢ᠃ ᠲᠡᠷᠡ᠂ ᠥᠩᠭᠡᠷᠡᠭᠰᠡᠨ ᠨᠢᠭᠡ ᠵᠢᠯ ᠳᠤ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠭᠤᠣᠯ ᠶᠡᠭᠡ ᠲᠠᠯ᠎ᠠ ᠶᠢᠨ ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠭᠤᠰᠤᠯᠴᠠᠭᠤᠯᠤᠨ ᠬᠠᠮᠲᠤ ᠳᠤᠨᠢ ᠤᠷᠤᠭᠰᠢᠯᠠᠭᠤᠯᠤᠭᠰᠠᠨ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠵᠡᠢ ᠭᠡᠵᠦ ᠵᠢᠭᠠᠵᠤ ᠭᠠᠷᠭᠠᠪᠠ᠃      ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠰᠢᠶᠧ ᠴᠦᠨ ᠾᠧ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠷ᠎ᠡ ᠳ᠋ᠦᠩ ᠤᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠪᠠᠷ ᠬᠥᠭᠵᠢᠯᠲᠡ ᠶᠢ ᠠᠬᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠲᠣᠭᠲᠠᠭᠤᠨ ᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠲᠤᠭ ᠢ ᠡᠷᠭᠦᠨ ᠴᠢᠭᠯᠡᠯ ᠢ ᠲᠣᠭᠲᠠᠭᠠᠵᠤ᠂ ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠵᠤ᠂ ᠦᠵᠡᠯ ᠰᠠᠨᠠᠭ᠎ᠠ ᠤᠨᠤᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠵᠥᠪ ᠲᠠᠯ᠎ᠠ ᠶᠢᠨ ᠤᠬᠠᠭᠤᠯᠭ᠎ᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠬᠦᠴᠦᠯᠡᠨ ᠡᠭᠦᠳᠬᠦ ᠬᠡᠷᠡᠭᠲᠡᠢ᠃ ᠡᠷᠳᠡᠮᠲᠡᠨ ᠴᠢᠳᠠᠪᠤᠷᠢᠲᠠᠨ ᠢ ᠰᠣᠩᠭᠤᠨ ᠬᠡᠷᠡᠭᠯᠡᠵᠦ᠂ ᠦᠨᠳᠦᠰᠦ ᠶᠢ ᠪᠠᠲᠤᠳᠬᠠᠨ ᠰᠠᠭᠤᠷᠢ ᠶᠢ ᠴᠢᠩᠭᠠᠳᠬᠠᠵᠤ᠂ ᠵᠥᠪ ᠣᠨᠣᠪᠴᠢᠲᠠᠢ ᠬᠥᠮᠥᠨ ᠰᠣᠩᠭᠤᠨ ᠬᠡᠷᠡᠭᠯᠡᠬᠦ ᠤᠳᠤᠷᠢᠳᠤᠮᠵᠢ ᠪᠠᠷ ᠠᠵᠢᠯ ᠬᠢᠵᠦ ᠦᠢᠯᠡᠰ ᠪᠣᠰᠬᠠᠬᠤ ᠤᠳᠤᠷᠢᠳᠤᠮᠵᠢ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠴᠢᠩᠭ᠎ᠠ ᠪᠣᠳᠠᠲᠠᠢ ᠰᠤᠷᠲᠠᠯ ᠢ ᠶᠡᠬᠡᠪᠡᠷ ᠪᠠᠳᠠᠷᠠᠭᠤᠯᠵᠤ᠂ ᠤᠷᠮᠠᠰᠢᠭᠤᠯᠤᠨ ᠵᠣᠷᠢᠭᠵᠢᠭᠤᠯᠬᠤ ᠪᠠᠲᠤᠯᠠᠪᠤᠷᠢ ᠶᠢᠨ ᠲᠣᠭᠲᠠᠴᠠ ᠶᠢ ᠬᠦᠴᠦᠯᠡᠨ ᠪᠠᠶᠢᠭᠤᠯᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠲᠦᠷᠭᠡᠨ ᠠᠬᠢᠭᠤᠯᠵᠤ᠂ ᠨᠢᠭᠡᠳᠦᠮᠡᠯ ᠹᠷᠣᠨᠲ ᠤᠨ ᠬᠦᠴᠦᠷᠬᠡᠭ ᠶᠡᠭᠡ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠥᠷᠭᠡᠨ ᠳᠡᠯᠭᠡᠷᠡᠩᠭᠦᠢ ᠪᠠᠷ ᠰᠡᠳᠬᠢᠯ ᠢᠶᠠᠨ ᠲᠦᠪᠯᠡᠷᠡᠬᠦᠯᠦᠨ ᠬᠦᠴᠦᠨ ᠴᠢᠳᠠᠯ ᠢᠶᠠᠨ ᠨᠢᠭᠲᠠᠷᠠᠭᠤᠯᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ ᠰᠤᠷᠲᠠᠯ ᠤᠬᠠᠭᠤᠯᠭ᠎ᠠ᠂ ᠵᠣᠬᠢᠶᠠᠨ ᠪᠠᠶᠢᠭᠤᠯᠤᠯᠲᠠ᠂ ᠨᠢᠭᠡᠳᠦᠮᠡᠯ ᠹᠷᠣᠨᠲ ᠤᠨ ᠠᠵᠢᠯ ᠢ ᠲᠤᠰ ᠲᠤᠰ ᠪᠣᠳᠠᠲᠠᠢ ᠲᠣᠬᠢᠷᠠᠭᠤᠯᠵᠠᠢ᠃     ᠬᠤᠰᠢᠭᠤᠨ ᠤ ᠭᠠᠵᠠᠷ ᠤᠨ ᠲᠠᠰ ᠤᠨ ᠬᠠᠮᠢᠶ᠎ᠠ ᠪᠦᠬᠦᠢ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠲᠦᠪ ᠤᠷᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠵᠢᠴᠢ ᠰᠢᠰᠲ᠋ᠧᠮ ︵ᠲᠣᠪᠴᠢᠶ᠎ᠠ︶ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠡᠯ᠎ᠡ ᠰᠤᠮᠤ ᠪᠠᠯᠭᠠᠰᠤ ︵ᠲᠠᠯᠠᠪᠠᠶ᠂ ᠭᠠᠨᠵᠤᠭ᠎ᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ︶ ᠶᠢᠨ ᠨᠠᠮ ᠤᠨ ᠬᠤᠷᠢᠶ᠎ᠠ ᠶᠢᠨ ᠱᠦᠵᠢ᠂ ᠳᠡᠳ᠋ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠤᠬᠠᠭᠤᠯᠬᠤ ᠭᠡᠰᠢᠭᠦᠨ᠂ ᠨᠢᠭᠡᠳᠦᠮᠡᠯ ᠹᠷᠣᠨᠲ ᠤᠨ ᠭᠡᠰᠢᠭᠦᠨ ᠬᠤᠷᠠᠯ ᠳᠤ ᠣᠷᠣᠯᠴᠠᠵᠠᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号