ᠬᠠᠯᠢᠭᠤᠳᠤ ᠪᠠᠯᠭᠠᠰᠤ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/3/28
       ᠡᠷᠲᠡᠬᠡᠨ ᠪᠠᠶᠢᠷᠢᠯᠠᠭᠤᠯᠤᠯᠲᠠ ᠬᠢᠪᠡ᠃ ᠪᠠᠯᠭᠠᠰᠤᠨ ᠤ ᠨᠠᠮ ᠤᠨ ᠬᠤᠷᠢᠶ᠎ᠠ ᠲᠡᠷᠡ ᠳᠠᠷᠤᠶ ᠳᠤᠨᠢ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠪᠠᠯᠭᠠᠰᠤᠨ ᠤ ᠱᠠᠲᠤᠨ ᠤ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠯᠢᠬᠵᠢᠭᠤᠯᠤᠨ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠠᠵᠢᠯ ᠳᠤ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠪᠠ᠃    ᠤᠯᠠᠨ ᠲᠦᠮᠡᠨ ᠤ ᠤᠬᠠᠭᠤᠯᠭ᠎ᠠ ᠶᠢ ᠪᠣᠳᠠᠲᠠᠢ ᠠᠳᠬᠤᠪᠠ᠃ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷᠴᠤᠳ ᠠᠴᠠ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠪᠦᠷᠢᠯᠳᠦᠭᠦᠯᠵᠦ᠂ ᠭᠠᠴᠠᠭᠠᠨ ᠳᠤ ᠭᠦᠨᠵᠡᠭᠡᠶᠢᠷᠡᠨ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠤᠬᠠᠭᠤᠯᠤᠨ ᠲᠠᠶᠢᠯᠪᠤᠷᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠸᠢᠴᠠᠲ᠂ ︽ᠭᠤᠷᠪᠠᠨ ᠶᠠᠪᠤᠳᠠᠯ︾ ᠤᠨ ᠢᠯᠡ ᠪᠤᠯᠤᠩ ᠵᠡᠷᠭᠡ ᠶᠢ ᠠᠰᠢᠭᠯᠠᠨ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢᠨ ᠤᠬᠠᠭᠤᠯᠭ᠎ᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ 21 ᠵᠤᠷᠪᠤᠰ ᠤᠬᠠᠭᠤᠯᠭ᠎ᠠ ᠶᠢᠨ ᠡᠯᠭᠦᠭᠡ ᠪᠢᠴᠢᠭᠡᠰᠦ ᠶᠢ ᠡᠯᠭᠦᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠰᠢᠷᠢᠰ ᠠᠵᠢᠯᠯᠠᠭ᠎ᠠ ᠶᠢ 16 ᠤᠳᠠᠭ᠎ᠠ᠂ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠢ 9 ᠤᠳᠠᠭ᠎ᠠ ᠥᠷᠨᠢᠭᠦᠯᠵᠦ᠂ ᠤᠳᠤ ᠪᠣᠯᠲᠠᠯ᠎ᠠ ᠤᠬᠠᠭᠤᠯᠤᠨ ᠲᠠᠶᠢᠯᠪᠤᠷᠢᠯᠠᠬᠤ ᠪᠦᠷᠬᠦᠴᠡ ᠶᠢᠨ ᠨᠤᠷᠮ᠎ᠠ ᠨᠢᠭᠡᠨᠲᠡ 90% ᠳᠤ ᠬᠦᠷᠴᠡᠢ᠃    ᠠᠷᠠᠳ ᠤᠨ ᠲᠥᠯᠥᠭᠡ ᠪᠣᠳᠠᠲᠠᠢ ᠠᠵᠢᠯ ᠢ ᠰᠠᠶᠢᠲᠤᠷ ᠬᠢᠪᠡ᠃ ᠪᠥᠬᠦ ᠪᠠᠯᠭᠠᠰᠤᠨ ᠤ 19 ᠭᠠᠴᠠᠭ᠎ᠠ ᠶᠢ 133 ᠬᠠᠷᠢᠭᠤᠴᠠᠯᠭᠠᠲᠤ ᠲᠣᠭᠤᠷᠢᠭ  ᠬᠤᠪᠢᠶᠠᠵᠥ 94 ᠨᠠᠮ ᠤᠨ ᠭᠡᠰᠢᠭᠦᠨ  ᠬᠠᠮᠢᠶᠠᠷᠪᠠ᠂ ᠰᠦᠯᠵᠢᠶᠡᠨ ᠳᠡᠭᠡᠷ᠎ᠡ  ᠰᠦᠯᠵᠢᠶᠡᠨ ᠭᠠᠳᠠᠨ᠎ᠠ ᠬᠤᠶᠠᠷ ᠠᠷᠭ᠎ᠠ ᠵᠠᠮ ᠢᠶᠠᠷ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠥᠷᠭᠡᠨ ᠢᠶᠠᠷ ᠴᠤᠭᠯᠠᠭᠤᠯᠪᠠ    ᠣᠲᠣ ᠪᠣᠯᠲᠠᠯ᠎ᠠ 20 ᠭᠠᠷᠤᠶ ᠵᠤᠷᠪᠤᠰ ᠠᠰᠠᠭᠤᠳᠠᠯ ᠤᠨ ᠰᠠᠨᠠᠭᠤᠯᠭ᠎ᠠ ᠶᠢ ᠴᠤᠭᠯᠠᠭᠤᠯᠤᠭᠰᠠᠨ ᠪᠥᠭᠡᠳ ᠨᠢᠭᠡᠨᠲᠡ ᠪᠦᠬᠦᠨ ᠢ ᠰᠢᠢᠳᠪᠦᠷᠢᠯᠡᠵᠦ᠂ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠣᠷᠴᠢᠨ ᠠᠬᠤᠶ ᠶᠢᠨ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ 60 ᠭᠠᠷᠤᠢ ᠤᠳᠠᠭ᠎ᠠ ᠦᠷᠨᠢᠬᠦᠯᠵᠥ᠂ 20 ᠭᠠᠷᠤᠢ ᠤᠳᠠᠭ᠎ᠠ  ᠶᠢᠨ ᠵᠦᠷᠢᠴᠡᠯ ᠵᠢᠭᠤᠷᠠᠯᠳᠤᠭᠠᠨ ᠢ ᠰᠢᠢᠳᠪᠦᠷᠢᠯᠡᠵᠥ᠂  40   ᠶᠠᠪᠤᠳᠠᠯ ᠢ    ᠤᠷᠤᠯᠠᠨ ᠬᠦᠢᠴᠡᠳᠭᠡᠵᠥ᠂ 1500 ᠭᠠᠷᠤᠢ ᠤᠯᠠᠨ ᠲᠦᠮᠡᠨ ᠠᠰᠢᠭ ᠬᠦᠷᠳᠡᠪᠡ᠃
海鲁吐镇多点发力推动.jpg
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号