ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/3/28
            ᠨᠡᠶᠢᠲᠡᠯᠡᠭᠰᠡᠨ ᠴᠠᠭ᠄ 2024 — 03 — 18     17: 25                       ᠬᠤᠶᠢᠳᠤ ᠵᠠᠰᠠᠭ  ﹇2024﹈ 29 ᠳ᠋ᠤᠭᠡᠷ ᠲᠤᠭᠠᠳᠤᠡᠯ᠎ᠡ ᠰᠤᠮᠤ ᠪᠠᠯᠭᠠᠰᠤ ︵ᠲᠠᠯᠠᠪᠠᠶ︶᠂ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠬᠤᠰᠢᠭᠤᠨ ᠳᠤ ᠰᠠᠭᠤᠭ᠎ᠠ ᠲᠦᠪ ᠤᠷᠤᠨ ᠬᠤᠲᠠ ᠶᠢᠨ ᠰᠢᠭᠤᠳ ᠬᠠᠷᠢᠶ᠎ᠠ ᠨᠢᠭᠡᠴᠡ ᠳᠤ᠄     ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2023﹈ 18 ᠳ᠋ᠤᠭᠠᠷ ᠲᠣᠭᠠᠲᠤ︶ ︽ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2023﹈ 26 ᠳ᠋ᠤᠭᠠᠷ ᠲᠣᠭᠠᠲᠤ︶ ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠵᠠᠰᠠᠭ ᠲᠠᠷᠬᠠᠭᠠᠭᠰᠠᠨ ﹇2024﹈ 27 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠳᠤᠯᠠᠬᠤ ᠶᠢᠨ ᠲᠤᠰᠠᠳᠠ᠂  ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄     ᠨᠢᠭᠡ᠂ ᠵᠢᠯᠤᠭᠤᠳᠬᠤ ᠦᠵᠡᠯ ᠰᠠᠨᠠᠭ᠎ᠠ    ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠰᠣᠶᠣᠯ ᠤᠨ ᠦᠵᠡᠯ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠬᠠᠣᠠᠬᠠᠬᠤ᠂ ᠦᠨ᠎ᠡ ᠦᠷᠲᠡᠭ ᠢ ᠠᠭᠤᠳᠠᠯᠬᠤ᠂ ᠪᠦᠲᠦᠮᠵᠢᠲᠡᠶ ᠪᠠᠷ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠷᠢᠮᠲᠠᠯᠠᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠪᠠᠶᠢᠷᠢᠯᠠᠭᠤᠯᠤᠯᠲᠠ ᠶᠢᠨ ᠲᠣᠬᠢᠷᠠᠭᠤᠯᠤᠯᠲᠠ ᠶᠢ ᠴᠢᠩᠬᠠᠣᠠᠬᠠᠵᠤ᠂ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠲᠦᠩ  ᠨᠢ ᠪᠦᠭᠦ ᠬᠤᠰᠢᠭᠤᠨ ᠤ ᠰᠢᠯᠵᠢᠭᠦᠯᠵᠦ ᠪᠣᠯᠣᠰᠢ ᠣᠶᠢᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠦᠭᠦ ᠲᠠᠯ᠎ᠠ ᠪᠠᠷ ᠪᠤᠰᠤᠳᠴᠢ ᠪᠠᠷ ᠲᠤᠰᠬᠠᠬᠤ ᠶᠢ ᠪᠠᠲᠤᠯᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠴᠢᠳᠠᠯ ᠢ ᠣᠯᠭᠤᠨ᠎ᠠ᠃     ᠬᠤᠶᠠᠷ᠂ ᠬᠠᠷᠠᠯᠲᠠ ᠡᠭᠦᠷᠭᠡ     ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠤᠷᠠᠳᠤᠭᠰᠠᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠬᠠᠷᠠᠯᠲᠠ ᠶᠢᠨ ᠶᠣᠰᠣᠭᠠᠷ᠂ ᠯᠠᠪᠳᠠᠭᠤᠨ ᠪᠦᠲᠦᠮᠵᠢᠲᠡᠶ ᠨᠡᠶᠢᠳᠡᠮ ᠪᠠᠶᠢᠴᠠᠭᠠᠯᠲᠠ ᠶᠢᠨ ᠠᠵᠢᠯ ᠢᠶᠠᠷ ᠳᠡᠮᠵᠢᠨ᠂ ᠳᠣᠣᠷᠠᠬᠢ ᠮᠡᠲᠦ ᠠᠵᠢᠯ ᠤᠨ ᠬᠠᠷᠠᠯᠲᠠ ᠪᠠ ᠡᠭᠦᠷᠭᠡ ᠶᠢ ᠪᠡᠶᠡᠯᠡᠭᠦᠯᠦᠨ᠎ᠡ ᠄ ᠨᠢᠭᠡ ᠳᠤ᠂ ᠪᠥᠬᠦ ᠬᠤᠰᠢᠭᠤᠨ ᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠪᠠ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠥᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠦᠨ᠎ᠡ ︔ ᠬᠤᠶᠠᠷ ᠲᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠵᠦ᠂ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠰᠢᠰᠲ᠋ᠧᠮ ᠢ ᠪᠦᠷᠢᠨᠰᠢᠭᠦᠯᠦᠨ᠎ᠡ︔ ᠭᠤᠷᠪᠠ ᠳᠤ᠂ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠪᠠᠶᠢᠴᠠᠭᠠᠯᠲᠠ ᠬᠢᠬᠦ᠂ ᠣᠷᠣᠨ ᠵᠠᠢ ᠶᠢ ᠬᠠᠮᠢᠶᠠᠷᠤᠨ ᠡᠵᠡᠮᠳᠡᠬᠦ᠂ ᠬᠥᠳᠡᠯᠦᠩᠭᠦᠢ ᠬᠢᠨᠠᠨ ᠬᠡᠮᠵᠢᠬᠦ ᠶᠢ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠥᠮ ᠢ ᠪᠠᠶᠢᠭᠤᠯᠤᠨ᠎ᠠ︔ ᠳᠥᠷᠪᠡ ᠳᠤ᠂ ᠲᠤᠰᠬᠠᠢ ᠮᠡᠷᠭᠡᠵᠢᠯ ᠤᠨ ᠠᠵᠢᠯᠲᠠᠨ ᠢ ᠬᠥᠮᠥᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠪᠦᠬᠦ ᠠᠷᠠᠳ ᠤᠨ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠎ᠡ᠃     ᠭᠤᠷᠪᠠ᠂ ᠨᠡᠶᠢᠳᠡᠮ ᠪᠠᠶᠢᠴᠠᠭᠠᠬᠤ ᠬᠡᠪᠴᠢᠶ᠎ᠡ ᠪᠣᠯᠣᠨ ᠠᠭᠤᠯᠭ᠎ᠠ     ︵ᠨᠢᠭᠡ︶ ᠨᠡᠶᠢᠳᠡᠮ ᠪᠠᠶᠢᠴᠠᠭᠠᠬᠤ ᠬᠡᠪᠴᠢᠶ᠎ᠡ᠃ ᠨᠢᠭᠡᠨᠲᠡ ᠮᠠᠭᠠᠳᠯᠠᠨ ᠲᠣᠭᠲᠠᠭᠠᠭᠰᠠᠨ᠂ ᠳᠠᠩᠰᠠᠯᠠᠭᠤᠯᠤᠭᠰᠠᠨ 920 ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠲᠠᠬᠢᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠵᠤ᠂ ᠮᠠᠭᠠᠳᠯᠠᠨ ᠲᠣᠭᠲᠠᠭᠠᠵᠤ᠂  ᠲᠠᠩᠰᠠᠯᠠᠨ᠎ᠠ᠃      ︵ᠬᠤᠶᠠᠷ︶ ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠃ ᠡᠭᠦᠨ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠨᠡᠷᠡᠶᠢᠳᠦᠯ᠂ ᠣᠷᠣᠨ ᠵᠠᠢ ᠶᠢᠨ ᠪᠠᠶᠢᠷᠢᠰᠢᠯ᠂ ᠬᠠᠮᠠᠭᠠᠯᠠᠯᠲᠠ ᠶᠢᠨ ᠲᠡᠰ᠂ ᠲᠡᠦᠬᠡ ᠶᠢᠨ ᠳᠤᠷᠠᠰᠬᠠᠯᠲᠤ ᠵᠦᠢᠯ ᠤᠨ ᠳᠦᠷᠦᠯ ᠢᠯᠭᠠᠯ᠂ ᠣᠨ ᠵᠢᠯ᠂ ᠡᠷᠬᠡ ᠶᠢᠨ ᠬᠠᠷᠢᠶᠠᠯᠠᠯ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠪᠠᠭᠲᠠᠨ᠎ᠠ᠃     ᠳᠥᠷᠪᠡ᠂ ᠴᠠᠭ ᠤᠨ ᠲᠣᠬᠢᠷᠠᠭᠤᠯᠤᠯᠲᠠ     ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢ 2023 ᠣᠨ ᠤ 11 ᠰᠠᠷ᠎ᠠ ᠠᠴᠠ ᠡᠬᠢᠯᠡᠵᠦ᠂ 2026 ᠣᠨ ᠤ 6 ᠰᠠᠷ᠎ᠠ ᠳᠤ ᠳᠠᠭᠤᠰᠬᠠᠬᠤ ᠪᠣᠯᠲᠠᠯ᠎ᠠ ᠭᠤᠷᠪᠠᠨ ᠱᠠᠲᠤ ᠬᠤᠪᠢᠶᠠᠨ ᠶᠠᠪᠤᠭᠳᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠶᠢᠨ ᠴᠠᠭ ᠨᠢ 2024 ᠣᠨ ᠤ 4 ᠰᠠᠷ᠎ᠠ ᠶᠢᠨ 30 ᠤ ᠡᠳᠦᠷ ᠪᠣᠯᠣᠨ᠎ᠠ᠃      ︵ᠨᠢᠭᠡ︶ ᠨᠢᠭᠡᠳᠦᠭᠡᠷ ᠱᠠᠲᠤ᠃ 2023 ᠣᠨ ᠤ 11 ᠰᠠᠷ᠎ᠠ ᠠᠴᠠ 2024 ᠣᠨ ᠤ 4 ᠰᠠᠷ᠎ᠠ ᠪᠣᠯᠲᠠᠯ᠎ᠠ ᠃ ᠠᠵᠢᠯ ᠤᠨ ᠡᠭᠦᠷᠭᠡ᠄ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠣᠯᠣᠨ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠯᠥᠪᠯᠡᠭᠡ ᠲᠣᠭᠲᠠᠭᠠᠨ᠂ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠪᠠᠷᠢᠮᠵᠢᠶ᠎ᠠ ᠪᠣᠯᠣᠨ ᠵᠢᠷᠤᠮᠵᠢᠯ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠰᠢᠰᠲ᠋ᠧᠮ ᠢ ᠦᠨᠳᠦᠰᠦᠯᠡᠨ ᠵᠥᠭᠡᠯᠡᠨ ᠲᠤᠨᠤᠭ ᠴᠤᠭᠯᠠᠭᠤᠯᠵᠤ᠂ ᠪᠣᠯᠪᠠᠰᠤᠷᠠᠭᠤᠯᠤᠯ᠂ ᠲᠤᠷᠰᠢᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     ︵ᠬᠤᠶᠠᠷ︶ ᠬᠤᠶᠠᠳᠤᠭᠠᠷ ᠱᠠᠲᠤ᠃ 2024 ᠣᠨ ᠤ 5 ᠰᠠᠷ᠎ᠠ ᠠᠴᠠ 2025 ᠣᠨ ᠤ 5 ᠰᠠᠷ᠎ᠠ ᠪᠣᠯᠲᠠᠯ᠎ᠠ ᠃ ᠠᠵᠢᠯ ᠤᠨ ᠡᠭᠦᠷᠭᠡ᠄ ᠰᠤᠮᠤ ᠪᠠᠯᠭᠠᠰᠤ ︵ᠲᠠᠯᠠᠪᠠᠶ︶ ᠶᠢᠨ ᠭᠠᠵᠠᠷ ᠣᠷᠣᠨ ᠢᠶᠠᠷ ᠦᠨᠳᠦᠰᠦᠨ ᠨᠢᠭᠡᠴᠡ ᠪᠣᠯᠭᠠᠵᠤ ᠂ ᠲᠤᠬᠠᠢ ᠶᠢᠨ ᠭᠠᠵᠠᠷ ᠲᠤᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠶᠢ ᠥᠷᠨᠢᠭᠦᠯᠦᠨ᠎ᠡ᠃      ︵ᠭᠤᠷᠪᠠ︶ ᠭᠤᠷᠪᠠᠳᠤᠭᠠᠷ ᠱᠠᠲᠤ᠃ 2025 ᠣᠨ ᠤ 6 ᠰᠠᠷ᠎ᠠ ᠠᠴᠠ 2026 ᠣᠨ ᠤ 6 ᠰᠠᠷ᠎ᠠ ᠪᠣᠯᠲᠠᠯ᠎ᠠ᠃ ᠠᠵᠢᠯ ᠤᠨ ᠡᠭᠦᠷᠭᠡ᠄ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠬᠠᠤᠯᠢ ᠶᠣᠰᠣᠭᠠᠷ ᠮᠠᠭᠠᠳᠯᠠᠨ ᠲᠣᠭᠲᠠᠭᠠᠵᠤ᠂ ᠳᠡᠩᠰᠡᠯᠡᠨ ᠲᠡᠮᠳᠡᠭᠯᠡᠬᠦ ᠶᠢᠨ ᠬᠠᠮᠲᠤ ᠨᠡᠶᠢᠲᠡᠯᠡᠵᠦ᠂ ᠪᠥᠬᠦ ᠬᠤᠰᠢᠭᠤᠨ ᠤ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠶᠡᠷᠦᠩᠬᠡᠢ ᠭᠠᠷᠴᠠᠭ ᠢ ᠪᠠᠶᠢᠭᠤᠯᠤᠨ᠂ ᠰᠢᠯᠭᠠᠨ ᠠᠪᠬᠤ ᠠᠵᠢᠯ ᠢ ᠪᠡᠶᠡᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠲᠡᠯᠡᠨ᠎ᠡ᠃ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠰᠢᠯᠵᠢᠭᠦᠯᠵᠦ ᠪᠣᠯᠣᠰᠢ ᠦᠭᠡᠢ ᠴᠢᠬᠤᠯᠠ ᠲᠡᠦᠬᠡ ᠶᠢᠨ ᠳᠤᠷᠠᠰᠬᠠᠯᠲᠤ ᠵᠦᠢᠯ ᠢ ᠵᠣᠬᠢᠬᠤ ᠲᠠᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ ᠪᠠᠷ ᠴᠠᠭ ᠲᠤᠨᠢ ᠲᠣᠬᠢᠷᠠᠭᠤᠯᠤᠨ ᠬᠢᠨᠠᠨ ᠲᠣᠭᠲᠠᠭᠠᠵᠤ ᠨᠡᠶᠢᠲᠡᠯᠡᠨ᠎ᠡ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠤᠯᠤᠰ ᠤᠨ ᠲᠡᠦᠬᠡ ᠰᠣᠶᠣᠯ ᠤᠨ ᠥᠪ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠤᠯᠤᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠬᠤᠯᠠ ᠰᠠᠭᠤᠷᠢ ᠠᠵᠢᠯ ᠮᠥᠨ᠂ ᠡᠨᠡ ᠨᠢ ᠰᠢ ᠶᠢᠨ ᠫᠢᠩ ᠶᠡᠷᠦᠩᠬᠡᠢ ᠱᠦᠵᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠰᠤᠮᠤ ᠪᠠᠯᠭᠠᠰᠤ ︵ᠲᠠᠯᠠᠪᠠᠶ︶ ᠨᠤᠭᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠨᠠᠷᠢᠨ ᠨᠢᠮᠪᠠᠢ ᠪᠠᠶᠢᠷᠢᠯᠠᠭᠤᠯᠵᠤ᠂ ᠤᠬᠠᠭᠤᠯᠬᠤ ᠠᠵᠢᠯ ᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠬᠤᠭᠤᠴᠠᠭ᠎ᠠ ᠶᠣᠰᠣᠭᠠᠷ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨᠬᠦ ᠪᠠᠳᠤᠯᠠᠨ᠎ᠠ᠃     ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠤᠨ᠎ᠠ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠳᠥᠷᠪᠡᠳᠦᠭᠡᠷ ᠤᠳᠠᠭ᠎ᠠ ᠶᠢᠨ ᠪᠦᠭᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠤᠨ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠳᠡᠮ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠂ ᠬᠤᠯᠪᠣᠭᠳᠠᠯ ᠪᠦᠬᠦᠢ ᠴᠢᠬᠤᠯᠠ ᠶᠠᠪᠤᠳᠠᠯ ᠢ ᠬᠢᠨᠠᠨ ᠲᠣᠭᠲᠠᠭᠠᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠭᠠᠬᠤ ᠦᠭᠡᠢ᠂ ᠡᠭᠦᠷᠭᠡ ᠪᠠᠨ ᠪᠡᠶᠡᠯᠡᠭᠦᠯᠦᠭᠰᠡᠨ ᠤ ᠲᠠᠷᠠᠭ᠎ᠠ ᠠᠶᠠᠨᠳᠠᠭᠠᠨ ᠬᠦᠴᠦᠨ ᠦᠭᠡᠢ ᠪᠣᠯᠭᠠᠨ᠎ᠠ᠃ ᠡᠯ᠎ᠡ ᠰᠤᠮᠤ ᠪᠠᠯᠭᠠᠰᠤ ︵ᠲᠠᠯᠠᠪᠠᠶ︶ ᠨᠤᠭᠤᠳ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ᠂ ᠲᠣᠰ ᠭᠠᠵᠠᠷ ᠣᠷᠣᠨ ᠤ ᠪᠠᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠨ᠎ᠡ᠃     ︵ᠭᠤᠷᠪᠠ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠲᠣᠭᠲᠠᠪᠤᠷᠢᠵᠢᠭᠤᠯᠤᠨ᠎ᠠ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠡᠯ᠎ᠡ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠥᠬᠦᠴᠡᠯ ᠳᠤ ᠨᠡᠶᠢᠴᠡᠬᠦ ᠬᠥᠮᠥᠰ ᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠦᠬᠦᠢ ᠨᠢᠭᠡᠴᠡ ᠠᠴᠠ ᠵᠥᠪᠳᠡᠯᠴᠡᠨ ᠰᠢᠯᠵᠢᠭᠦᠯᠵᠦ ᠨᠡᠶᠢᠳᠡᠮ ᠪᠠᠶᠢᠴᠠᠭᠠᠯᠲᠠ ᠶᠢᠨ ᠡᠩᠨᠡᠭᠡ ᠳᠤ ᠣᠷᠣᠭᠤᠯᠵᠤ ᠪᠣᠯᠣᠨ᠎ᠠ᠂ ᠤᠷᠢᠨ ᠬᠡᠷᠡᠭᠯᠡᠭᠰᠡᠨ ᠬᠥᠮᠥᠰ᢭ᠣᠨ ᠬᠥᠳᠡᠯᠮᠦᠷᠢ ᠦᠢᠯᠡᠴᠢᠯᠡᠭᠡᠨ᢭ᠣ ᠵᠠᠷᠤᠳᠠᠯ᢭ᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ᢭ᠣᠨ ᠳᠣᠲᠣᠷ᠎ᠠ ᠠᠴᠠ ᠭᠠᠷᠭᠠᠵᠤ᠂ ᠤᠷᠢᠨ ᠬᠡᠷᠡᠭᠯᠡᠭᠰᠡᠨ ᠨᠢᠭᠡᠴᠡ ᠠᠴᠠ ᠥᠭᠭᠦᠨ᠎ᠡ᠂ ᠵᠥᠪᠳᠡᠯᠴᠡᠨ ᠰᠢᠯᠵᠢᠭᠦᠯᠦᠭᠰᠡᠨ ᠬᠥᠮᠥᠰ ᠢ ᠤᠤᠯ ᠤᠨ ᠨᠢᠭᠡᠴᠡ ᠶᠢᠨ ᠠᠵᠢᠯ ᠤᠨ ᠪᠠᠶᠢᠷᠢ ᠶᠢ ᠨᠢ ᠦᠯᠡᠳᠡᠭᠡᠵᠦ᠂ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠪᠠᠭᠤᠷᠠᠭᠤᠯᠬᠤ ᠦᠭᠡᠢ᠃ ᠣᠷᠣᠨ ᠨᠤᠲᠤᠭ ᠤᠨ ᠳᠡᠭᠡᠳᠦ ᠰᠤᠷᠭᠠᠭᠤᠯᠢ ᠲᠠᠢ ᠬᠠᠮᠲᠤᠷᠠᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠰᠣᠷᠣᠭᠴᠢ ᠶᠢ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠳᠤ ᠣᠷᠣᠯᠴᠠᠭᠤᠯᠬᠤ ᠶᠢᠨ ᠬᠠᠮᠲᠤ ᠲᠡᠳᠡᠨ ᠤ ᠵᠢᠭᠠᠨ ᠰᠤᠷᠭᠠᠬᠤ ᠳᠠᠳᠤᠯᠭ᠎ᠠ ᠶᠢᠨ ᠬᠢᠴᠢᠶᠡᠯ ᠪᠣᠯᠭᠠᠵᠤ ᠪᠣᠯᠣᠨ᠎ᠠ᠃     ︵ᠳᠥᠷᠪᠡ︶ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠤᠨ᠎ᠠ᠃ ︽ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶ᠎ᠡ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶ᠎ᠡ᠂ ᠰᠤᠷᠭᠠᠨ ᠬᠥᠮᠦᠵᠢᠯ ᠤᠨ ᠬᠦᠷᠢᠶ᠎ᠡ᠂ ᠣᠯᠠᠨ ᠨᠡᠶᠢᠲᠡ ᠶᠢᠨ ᠰᠣᠶᠣᠯ ᠤᠨ ᠬᠦᠷᠢᠶ᠎ᠡ᠂ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ ᠬᠡᠪᠴᠢᠶᠡᠨ ᠤ ᠬᠤᠲᠠ ᠬᠢᠭᠡᠳ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠶᠣᠰᠣᠭᠠᠷ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠭᠤᠣᠯᠳᠠᠭᠤ ᠲᠣᠰ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠠᠵᠢᠯ ᠤᠨ ᠵᠠᠷᠤᠳᠠᠯ᠂ ᠣᠷᠣᠨ ᠲᠤᠭ᠎ᠠ ᠶᠢᠨ ᠳᠣᠲᠣᠷᠠᠬᠢ ᠠᠵᠢᠯ ᠳᠤ ᠪᠠᠶᠢᠭ᠎ᠠ ᠬᠥᠮᠥᠰ ᠤᠨ ᠵᠠᠷᠤᠯᠭ᠎ᠠ᠂ ᠲᠦᠷ ᠴᠠᠭ ᠤᠷᠢᠨ ᠬᠡᠷᠡᠭᠯᠡᠬᠦ ᠬᠥᠮᠥᠰ ᠤᠨ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠵᠢᠴᠢ ᠬᠠᠮᠢᠶ᠎ᠠ ᠪᠦᠬᠦᠢ ᠠᠵᠢᠯ ᠤᠨ ᠵᠠᠷᠤᠯᠭ᠎ᠠ ᠵᠡᠷᠭᠡ ᠶᠢ ᠡᠭᠦᠷᠭᠡᠯᠡᠨ᠎ᠡ᠃ ᠡᠭᠦᠨ ᠤ ᠵᠡᠷᠭᠡᠴᠡᠪᠡᠷ ᠲᠡᠦᠬᠡ ᠶᠢᠨ ᠳᠤᠷᠠᠰᠬᠠᠯᠲᠤ ᠵᠦᠢᠯ  ᠤᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠵᠦᠢ ᠵᠣᠬᠢᠰᠲᠠᠢ ᠲᠥᠰᠥᠭᠡᠯᠡᠨ ᠪᠤᠳᠤᠵᠤ᠂ ᠣᠨ ᠢᠶᠠᠷ ᠪᠤᠳᠤᠵᠤ ᠡᠳ᠋ ᠤᠨ ᠵᠠᠰᠠᠭ ᠤᠨ ᠲᠥᠰᠥᠪ ᠲᠤ ᠵᠢᠭᠰᠠᠭᠠᠨ ᠣᠷᠣᠭᠤᠯᠵᠤ᠂ ᠴᠠᠭ ᠬᠤᠭᠤᠴᠠᠭ᠎ᠠ ᠶᠣᠰᠣᠭᠠᠷ ᠰᠠᠯᠭᠠᠨ ᠥᠭᠴᠦ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠳᠤᠯᠠᠨ᠎ᠠ᠃     ︵ᠲᠠᠪᠤ︶ ᠨᠡᠶᠢᠳᠡᠮ ᠪᠠᠶᠢᠴᠠᠭᠠᠯᠲᠠ ᠶᠢᠨ ᠬᠠᠮᠢᠶᠠᠷᠤᠯᠲᠠ ᠶᠢ ᠰᠠᠶᠢᠲᠤᠷ ᠬᠢᠨ᠎ᠡ᠃ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠰᠤᠮᠤ ᠪᠠᠯᠭᠠᠰᠤ ︵ᠲᠠᠯᠠᠪᠠᠶ︶ ᠨᠤᠭᠤᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠰᠢᠭᠤᠳ ᠬᠠᠷᠢᠭᠤᠴᠠᠯᠭ᠎ᠠ ᠶᠢ ᠡᠭᠦᠷᠭᠡᠯᠡᠨ᠎ᠡ᠃ ᠨᠡᠶᠢᠳᠡᠮ ᠪᠠᠶᠢᠴᠠᠭᠠᠯᠲᠠ  ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠡᠬᠡᠮᠵᠢᠯᠡᠬᠦ ᠲᠣᠭᠲᠠᠴᠠ ᠪᠠᠶᠢᠭᠤᠯᠤᠨ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠡᠵᠡᠮᠳᠡᠯ ᠢ ᠴᠢᠩᠭᠠᠳᠬᠠᠨ᠂ ᠨᠡᠶᠢᠳᠡᠮ ᠪᠠᠶᠢᠴᠠᠭᠠᠯᠲᠠ  ᠶᠢᠨ ᠲᠥᠰᠥᠯ ᠢ ᠴᠢᠩᠭ᠎ᠠ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠤᠨ ᠂ ᠬᠡᠷᠡᠭ ᠶᠠᠪᠤᠳᠠᠯ ᠤᠨ ᠡᠮᠦᠨ᠎ᠡ ᠪᠠ ᠬᠡᠷᠡᠭ ᠶᠠᠪᠤᠳᠠᠯ ᠤᠨ ᠳᠤᠮᠳᠠ ᠪᠠ ᠬᠡᠷᠡᠭ ᠶᠠᠪᠤᠳᠠᠯ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ ᠬᠢᠨᠠᠨ ᠪᠠᠶᠢᠴᠠᠭᠠᠬᠤ ᠶᠢ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ  ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠢ ᠪᠠᠶᠢᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠶᠤᠯ ᠦᠭᠡᠢ ᠪᠠᠶᠢᠬᠤ ᠶᠢ ᠦᠨᠡᠨᠬᠦ ᠪᠠᠳᠤᠯᠠᠨ᠎ᠠ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ  ᠳᠤ ᠵᠣᠷᠢᠭᠤᠳᠠ ᠭᠠᠷ ᠲᠦᠷᠦᠭᠦ ᠡᠯ᠎ᠡ ᠵᠦᠢᠯ ᠤᠨ ᠥᠢᠯᠡ ᠠᠵᠢᠯᠯᠠᠭ᠎ᠠ ᠶᠢ ᠡᠷᠡᠰ ᠬᠤᠷᠢᠭᠯᠠᠨ᠎ᠠ᠃     ︵ᠵᠢᠷᠭᠤᠭ᠎ᠠ︶ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠠᠰᠠᠭᠤᠬᠤ ᠶᠢ ᠴᠢᠩᠳᠠᠯᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠣᠨ ᠨᠢᠭᠡᠴᠡ ᠬᠢᠭᠡᠳ ᠬᠤᠪᠢ ᠬᠥᠮᠥᠨ ᠳᠠᠩᠰᠠᠯᠠᠭᠤᠯᠤᠭᠰᠠᠨ ᠮᠡᠳᠡᠭᠡ ᠵᠠᠩᠭᠢ ᠪᠠᠨ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠢ᠂ ᠬᠤᠳᠠᠯ ᠢᠶᠠᠷ ᠮᠡᠳᠡᠭᠦᠯᠬᠦ᠂ ᠳᠠᠷᠤᠭᠠᠳ ᠮᠡᠳᠡᠭᠦᠯᠬᠦ᠂ ᠮᠡᠳᠡᠭᠦᠯᠬᠦ ᠶᠢ ᠲᠡᠪᠴᠢᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ  ᠶᠢᠨ ᠮᠠᠲ᠋ᠧᠷᠢᠶᠠᠯ ᠪᠣᠯᠣᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠬᠤ ᠪᠠ ᠥᠭᠡᠷᠡᠲᠦᠭᠦᠯᠵᠦ ᠪᠣᠯᠬᠤ ᠦᠭᠡᠢ᠂ ᠬᠡᠷᠪᠡ ᠳᠡᠭᠡᠷ᠎ᠡ ᠳᠤᠷᠠᠳᠤᠭᠰᠠᠨ ᠪᠠᠶᠢᠳᠠᠯ ᠭᠠᠷᠪᠠᠯ᠂ ᠬᠠᠤᠯᠢ ᠰᠠᠬᠢᠯᠭ᠎ᠠ ᠶᠢᠨ ᠶᠣᠰᠣᠭᠠᠷ ᠰᠢᠢᠳᠪᠦᠷᠢᠯᠡᠨ᠎ᠡ᠃ ᠡᠯ᠎ᠡ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠ ᠮᠠᠲ᠋ᠧᠷᠢᠶᠠᠯ ᠢ ᠲᠣᠬᠢᠲᠠᠢ ᠬᠠᠳᠠᠭᠠᠯᠠᠵᠤ᠂ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠤᠯᠤᠰ ᠤᠨ ᠨᠢᠭᠤᠴᠠ ᠶᠢᠨ ᠨᠢᠭᠤᠴᠠ ᠶᠢ ᠬᠠᠮᠠᠭᠠᠯᠠᠬᠤ ᠡᠭᠦᠷᠭᠡ ᠶᠢ ᠭᠦᠢᠴᠡᠳᠬᠡᠬᠦ ᠬᠡᠷᠡᠭᠲᠡᠢ᠂ ᠬᠡᠷᠪᠡ ᠨᠢᠭᠤᠴᠠ ᠶᠢ ᠵᠠᠳᠠᠷᠠᠭᠤᠯᠤᠭᠰᠠᠨ ᠬᠡᠷᠡᠭ ᠭᠠᠷᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠲᠣᠭᠲᠠᠭᠠᠯ ᠶᠣᠰᠣᠭᠠᠷ ᠰᠢᠳᠬᠡᠨ ᠲᠤᠷᠭᠠᠨ᠎ᠠ᠃ ᠲᠡᠦᠬᠡ ᠶᠢᠨ ᠳᠤᠷᠠᠰᠬᠠᠯᠲᠤ ᠵᠦᠢᠯ ᠢ ᠨᠡᠶᠢᠳᠡᠮ ᠪᠠᠶᠢᠴᠠᠭᠠᠬᠤ ᠶᠠᠪᠤᠴᠠ ᠳᠤ᠂ ᠬᠡᠷᠪᠡ ᠵᠣᠷᠢᠭᠤᠳᠠ ᠡᠪᠳᠡᠯᠡᠭᠰᠡᠨ᠂ ᠬᠢᠨᠠᠨ ᠬᠠᠮᠢᠶᠠᠷᠤᠭᠰᠠᠨ ᠨᠢ ᠰᠤᠯᠠ ᠵᠡᠷᠭᠡ ᠰᠢᠯᠲᠠᠭᠠᠨ ᠠᠴᠠ ᠪᠣᠯᠵᠤ ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯ ᠢ ᠡᠪᠳᠡᠯᠡᠭᠡ ᠳᠤ ᠤᠴᠠᠷᠠᠭᠤᠯᠤᠭᠰᠠᠨ᠂ ᠬᠦᠴᠦᠨ ᠦᠭᠡᠢ ᠪᠣᠯᠭᠠᠭᠰᠠᠨ᠂ ᠤᠰᠠᠳᠬᠠᠵᠤ ᠭᠡᠭᠡᠭᠳᠡᠭᠦᠯᠦᠭᠰᠡᠨ ᠪᠠᠶᠢᠳᠠᠯ ᠢ ᠣᠯᠵᠤ ᠮᠡᠳᠡᠪᠡᠯ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠤᠯᠢ ᠰᠠᠬᠢᠯᠭ᠎ᠠ ᠠᠴᠠ ᠵᠥᠷᠢᠴᠡᠭᠰᠡᠨ ᠰᠦᠪᠡᠭᠴᠢ ᠶᠢ ᠴᠠᠭ ᠲᠤᠬᠠᠢ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠨ᠎ᠡ᠃                                                                                    2024 ᠣᠨ ᠤ 2 ᠰᠠᠷ᠎ᠠ ᠶᠢᠨ 20 ᠤ ᠡᠳᠦᠷ  
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号