ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠲᠤᠬᠠᠢ ᠮᠡᠳᠡᠯᠭᠡ ︵ᠬᠤᠶᠠᠷ︶
ᠨᠡᠶᠢᠲᠡᠯᠡᠭᠰᠡᠨ ᠴᠠᠭ᠄
2024/3/28
     ︽  ᠲᠤᠯᠤᠭᠠᠨ ᠵᠢᠱᠢᠶᠡᠴᠢ ᠪᠤᠯᠬᠤ︾      ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠬᠤ᠂ ᠶᠡᠷᠦᠩᠬᠡᠢ ᠱᠦᠵᠢ ᠰᠢ ᠶᠢᠨ ᠫᠢᠩ ᠢ ᠰᠠᠯᠤᠯ ᠦᠭᠡᠢ ᠳᠠᠭᠠᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠲᠠᠯ᠎ᠠ ᠪᠠᠷ ᠵᠢᠱᠢᠶᠡᠴᠢ ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠵᠢᠱᠢᠶᠡᠴᠢ ᠪᠣᠯᠵᠤ᠂ ᠦᠨᠳᠦᠰᠦᠲᠡᠨ ᠤ ᠭᠠᠵᠠᠷ ᠣᠷᠣᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠵᠢᠱᠢᠶᠡᠴᠢ ᠪᠣᠯᠵᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠢᠱᠢᠶᠡᠴᠢ ᠪᠣᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠲᠣᠭᠲᠠᠭᠤᠨ ᠪᠠᠶᠢᠯᠭᠠᠬᠤ ᠶᠢᠨ ᠳᠠᠭᠠᠤ ᠬᠢᠯᠢ ᠬᠢᠵᠠᠭᠠᠷ ᠣᠷᠣᠨ ᠢ ᠪᠠᠬᠢᠵᠢᠭᠦᠯᠬᠦ ᠵᠢᠱᠢᠶᠡᠴᠢ ᠪᠣᠯᠵᠤ᠂ ᠬᠢᠯᠢ ᠬᠢᠵᠠᠭᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠬᠤ ᠲᠠᠯ᠎ᠠ ᠪᠠᠷ ᠵᠢᠱᠢᠶᠡᠴᠢ ᠪᠣᠯᠵᠤ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ᠃      ︽ᠭᠤᠷᠪᠠᠨ ᠠᠴᠢ ᠬᠤᠯᠪᠤᠭᠳᠠᠯ︾     ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠴᠢ ᠬᠤᠯᠪᠣᠭᠳᠠᠯ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠬᠤ ᠶᠢ ᠡᠰᠡᠷᠭᠦᠴᠡᠬᠦ ᠠᠴᠢ ᠬᠤᠯᠪᠣᠭᠳᠠᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠠᠴᠢ ᠬᠤᠯᠪᠣᠭᠳᠠᠯ ᠢ ᠢᠯᠡᠷᠡᠬᠦᠯᠦᠨ᠎ᠡ᠃       ︽ᠵᠠᠭᠤ ᠮᠢᠩᠭ᠎ᠠ ᠲᠦᠮᠡᠨ ᠲᠠᠭᠤᠷᠢᠶᠠᠯ ᠲᠠᠭᠠᠭᠤᠯᠤᠭᠴᠢ︾ ᠶᠢᠨ ᠢᠨᠵᠧᠨᠧᠷᠢᠩ      2027 ᠣᠨ ᠪᠣᠯᠬᠤ ᠳᠤ ᠤᠯᠤᠰ ᠤᠨ ᠲᠠᠰ ᠤᠨ ᠥᠪᠡᠷᠲᠡᠭᠡᠨ ᠵᠠᠰᠠᠬᠤ ᠣᠷᠣᠨ ᠤ ᠲᠡᠰ᠂ ᠠᠶᠢᠮᠠᠭ ᠬᠤᠲᠠ ᠪᠣᠯᠣᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ ᠶᠢᠨ ᠲᠤᠭ᠎ᠠ ᠬᠡᠮᠵᠢᠶ᠎ᠡ ᠶᠢ 100 ᠠᠴᠠ ᠳᠡᠭᠡᠭᠰᠢ᠂ 1000  ᠠᠴᠠ ᠳᠡᠭᠡᠭᠰᠢ᠂ 10000  ᠠᠴᠠ ᠳᠡᠭᠡᠭᠰᠢ ᠬᠦᠷᠦᠭᠦᠯᠬᠦ ᠪᠠᠷ ᠴᠢᠷᠮᠠᠶᠢᠨ᠎ᠠ᠃     ︽ᠲᠦᠷᠪᠡᠨ ᠣᠨᠴᠠᠭᠠᠶ︾     ᠨᠠᠮ ᠤᠨ ᠲᠥᠪᠯᠡᠷᠡᠯ ᠨᠢᠭᠡᠳᠦᠯ ᠤᠨ ᠤᠳᠤᠷᠢᠳᠤᠯᠭ᠎ᠠ ᠶᠢ ᠬᠠᠮᠠᠭᠠᠯᠠᠬᠤ ᠣᠪᠣᠷ ᠣᠨᠴᠠᠭᠠᠢ ᠡᠷᠡᠰ ᠰᠢᠭᠤᠷᠬᠠᠢ᠂ ᠵᠥᠪ ᠪᠤᠷᠤᠭᠤ ᠶᠢ ᠢᠯᠭᠠᠨ ᠲᠠᠨᠢᠬᠤ ᠵᠣᠭᠰᠣᠯᠲᠠ ᠣᠨᠴᠠᠭᠠᠢ ᠰᠡᠷᠭᠡᠭ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠣᠶ ᠪᠣᠯᠭᠠᠬᠤ ᠤᠬᠠᠮᠰᠠᠷ ᠤᠨ ᠠᠵᠢᠯᠯᠠᠭ᠎ᠠ ᠣᠨᠴᠠᠭᠠᠶ ᠡᠷᠡᠰ ᠪᠠᠲᠤ᠂ ᠡᠯ᠎ᠡ ᠦᠨᠳᠦᠰᠦᠲᠡᠨ ᠢ ᠤᠯᠠᠨ ᠲᠦᠮᠡᠨ ᠢ ᠬᠠᠶᠢᠷᠠᠯᠠᠬᠤ ᠰᠡᠳᠬᠢᠯᠭᠡ ᠲᠤᠶᠢᠯ ᠤᠨ ᠦᠨᠡᠨᠴᠢ ᠪᠠᠶᠢᠬᠤ ᠬᠡᠷᠡᠭᠳᠡᠢ᠃ 
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠠᠵᠢᠯ ᠤᠯᠭᠤᠨ ᠦᠢᠯᠡᠰ ᠪᠦᠳᠦᠭᠡᠬᠦ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号