ᠪᠢᠴᠢᠭ ᠮᠠᠲ᠋ᠧᠷᠢᠶᠠᠯ ᠤᠨ ᠲᠠᠶᠢᠯᠤᠮᠵᠢ᠄ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠶᠡᠭᠡ ᠠᠯᠭᠠᠰᠠᠯ ᠶᠡᠭᠡ ᠣᠷᠣᠨ ᠵᠠᠢ ᠶᠢᠨ ᠣᠯᠠᠨ ᠨᠡᠶᠢᠲᠡ ᠶᠢᠨ ᠪᠠᠷᠢᠯᠭ᠎ᠠ ᠶᠢᠨ ᠠᠮᠤᠷ ᠲᠦᠪᠰᠢᠨ ᠤ ᠲᠤᠰᠬᠠᠢ ᠵᠦᠢᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/29
        ᠨᠡᠶᠢᠲᠡᠯᠡᠭᠰᠡᠨ ᠴᠠᠭ᠄ 2024 — 03 —21    17: 06    ᠨᠢᠭᠡ᠂ ᠲᠥᠰᠥᠯ ᠤᠨ ᠠᠬᠤᠢ ᠪᠠᠶᠢᠳᠠᠯ    ᠰᠢ ᠶᠢᠨ ᠫᠢᠩ ᠶᠡᠷᠦᠩᠬᠡᠢ ᠱᠦᠵᠢ ᠶᠢᠨ ᠠᠶᠤᠯ ᠦᠭᠡᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠲᠦᠩᠯᠢᠶᠣᠣ ᠬᠤᠳᠠ ᠶᠢᠨ ᠶᠡᠭᠡ ᠠᠯᠭᠠᠰᠠᠯ ᠶᠡᠭᠡ ᠣᠷᠣᠨ ᠵᠠᠢ ᠶᠢᠨ ᠤᠯᠠᠨ ᠨᠡᠶᠢᠲᠡ ᠶᠢᠨ ᠪᠠᠷᠢᠯᠭ᠎ᠠ ᠶᠢᠨ ᠠᠶᠤᠯ ᠦᠭᠡᠢ ᠶᠢᠨ ᠲᠤᠰᠬᠠᠢ ᠵᠦᠢᠯ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠥᠰᠥᠯ ᠤᠨ ᠮᠡᠳᠡᠭᠳᠡᠯ︾ ︵  ᠬᠤᠶᠢᠳᠤ ᠵᠠᠰᠠᠭ ᠠᠯᠪᠠᠨ ᠲᠠᠷᠬᠠᠭᠠᠭᠰᠠᠨ  ﹇2024﹈ 7 ᠳ᠋ᠤᠭᠠᠷ ᠲᠣᠭᠠᠲᠤ︶  ᠤᠨ ᠱᠠᠭᠠᠷᠳᠠᠯᠭ᠎ᠠ ᠶᠣᠰᠣᠭᠠᠷ᠂ ᠲᠤᠰ ᠲᠥᠰᠥᠯ ᠢ ᠲᠣᠭᠲᠠᠭᠠᠪᠠ᠃     ᠬᠤᠶᠠᠷ᠂ ᠴᠡᠭᠴᠡᠯᠡᠨ ᠵᠠᠰᠠᠬᠤ ᠬᠡᠪᠴᠢᠶ᠎ᠡ     18 ᠮᠧᠲᠷ ᠠᠴᠠ ᠶᠡᠭᠡ ᠠᠯᠭᠠᠰᠠᠯ ᠲᠠᠢ ᠡᠯ᠎ᠡ ᠲᠥᠷᠥᠯ ᠤᠨ ᠰᠤᠷᠭᠠᠭᠤᠯᠢ ᠶᠢᠨ ᠭᠡᠷ ᠪᠠᠶᠢᠰᠢᠩ᠂ ᠰᠠᠯᠬᠢ ᠪᠣᠷᠣᠭᠠᠨ ᠪᠡᠶ᠎ᠡ ᠶᠢᠨ ᠲᠠᠮᠢᠷ ᠤᠨ ᠲᠠᠯᠠᠪᠠᠶ᠂ ᠲᠣᠮᠣ ᠬᠡᠯᠪᠡᠷᠢ ᠶᠢᠨ ᠡᠮᠴᠢᠯᠡᠭᠡᠨ ᠤ ᠪᠠᠷᠢᠯᠭ᠎ᠠ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠰᠣᠶᠣᠯ ᠵᠢᠭᠤᠯᠴᠢᠯᠠᠯ ᠤᠨ ᠪᠡᠯᠡᠳᠬᠡᠮᠵᠢ᠂ ᠮᠦᠽᠧᠢ᠂ ᠨᠣᠮ ᠤᠨ ᠰᠠᠩ᠂ ᠦᠵᠡᠰᠬᠦᠯᠡᠩ ᠤᠨ ᠣᠷᠳᠣᠨ᠂ ᠤᠮᠪᠠᠯᠲᠠ ᠶᠢᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠢᠴᠢ ᠥᠲᠥᠨ ᠪᠥᠮᠪᠦᠭᠡ᠂ ᠰᠠᠭᠰᠤᠨ ᠪᠥᠮᠪᠦᠭᠡ᠂ ᠬᠥᠯ ᠪᠥᠮᠪᠦᠭᠡ ᠵᠡᠷᠭᠡ ᠲᠠᠮᠢᠷ ᠤᠨ ᠲᠠᠯᠠᠪᠤᠷ ᠣᠷᠳᠣᠨ᠂ ᠢᠳᠡᠭᠡᠨ ᠤᠮᠳᠠᠭᠠᠨ ᠤ ᠳᠠᠶᠢᠯᠠᠯᠭ᠎ᠠ ᠶᠢᠨ ᠲᠢᠩᠬᠢᠮ᠂ ᠦᠢᠯᠡᠳᠪᠦᠷᠢ ᠠᠭᠤᠷᠬᠠᠢ ᠶᠢᠨ ᠦᠢᠯᠡᠳᠪᠦᠷᠢ ᠶᠢᠨ ᠭᠡᠷ ᠪᠠᠶᠢᠰᠢᠩ᠂ ᠲᠡᠷᠭᠡᠨ ᠥᠷᠲᠡᠭᠡ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠮᠠᠰᠢᠨ ᠲᠡᠷᠭᠡ ᠰᠡᠯᠪᠢᠨ ᠵᠠᠰᠠᠬᠤ ᠦᠢᠯᠡᠳᠪᠦᠷᠢ ᠶᠢᠨ ᠭᠡᠷ ᠪᠠᠶᠢᠰᠢᠩ ᠵᠡᠷᠭᠡ ᠣᠯᠠᠨ ᠨᠡᠶᠢᠲᠡ ᠶᠢᠨ ᠪᠠᠷᠢᠯᠭ᠎ᠠ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ᠃      ᠭᠤᠷᠪᠠ᠂ ᠴᠡᠭᠴᠡᠯᠡᠨ ᠵᠠᠰᠠᠬᠤ ᠠᠭᠤᠯᠭ᠎ᠠ     1. ᠶᠡᠭᠡ ᠠᠯᠭᠠᠰᠠᠯ᠂ ᠶᠡᠭᠡ ᠣᠷᠣᠨ ᠵᠠᠢ ᠶᠢᠨ ᠤᠯᠠᠨ ᠨᠡᠶᠢᠲᠡ ᠶᠢᠨ ᠪᠠᠷᠢᠯᠭ᠎ᠠ ᠶᠢᠨ ᠭᠡᠷ ᠤᠨ ᠭᠠᠳᠠᠷᠭᠤ᠂ ᠬᠦᠪᠡᠭᠡ ᠵᠡᠷᠭᠡ ᠡᠯ᠎ᠡ ᠣᠷᠣᠨ ᠪᠠᠶᠢᠷᠢ ᠳᠤ ᠲᠣᠭᠲᠠᠭᠠᠯ ᠠᠴᠠ ᠵᠥᠷᠢᠴᠡᠨ ᠡᠯ᠎ᠡ ᠵᠦᠢᠯ  ᠤᠨ ᠮᠠᠲ᠋ᠧᠷᠢᠶᠠᠯ᠂ ᠲᠥᠬᠦᠭᠡᠷᠦᠮᠵᠢ ᠶᠢ ᠣᠪᠣᠭᠠᠯᠠᠵᠤ ᠲᠠᠯᠪᠢᠭᠰᠠᠨ ᠵᠡᠷᠭᠡ ᠬᠢᠯᠪᠠᠷᠬᠠᠨ ᠨᠤᠷᠠᠵᠤ ᠤᠨᠠᠬᠤ ᠪᠠᠶᠢᠳᠠᠯ ᠣᠷᠣᠰᠢᠵᠤ ᠪᠠᠶᠢᠬᠤ ᠡᠰᠡᠬᠦ᠂ ᠠᠴᠢᠶ᠎ᠠ ᠨᠢ ᠬᠡᠮᠵᠢᠶ᠎ᠡ ᠠᠴᠠ ᠬᠡᠲᠦᠷᠡᠭᠰᠡᠨ ᠪᠠᠶᠢᠳᠠᠯ ᠣᠷᠣᠰᠢᠵᠤ ᠪᠠᠶᠢᠬᠤ ᠡᠰᠡᠬᠦ᠃     2. ᠶᠡᠭᠡ ᠠᠯᠭᠠᠰᠠᠯ ᠶᠡᠭᠡ ᠣᠷᠣᠨ ᠵᠠᠢ ᠶᠢᠨ ᠣᠯᠠᠨ ᠨᠡᠶᠢᠲᠡ ᠶᠢᠨ ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ ᠶᠢᠨ ᠠᠮᠤᠷ ᠲᠦᠪᠰᠢᠨ ᠤ ᠪᠠᠶᠢᠳᠠᠯ᠂ ᠪᠠᠷᠢᠯᠭ᠎ᠠ ᠶᠢᠨ ᠠᠮᠤᠷ ᠲᠦᠪᠰᠢᠨ ᠤ ᠵᠢᠷᠤᠭ ᠲᠥᠯᠥᠪᠯᠡᠭᠡ ᠳᠤ ᠳᠤᠲᠠᠭᠳᠠᠯ ᠲᠠᠢ ᠪᠠᠶᠢᠬᠤ ᠡᠰᠡᠬᠦ᠂ ᠬᠥᠬᠡ ᠵᠢᠷᠤᠭ ᠢᠶᠠᠷ ᠪᠠᠷᠢᠯᠭ᠎ᠠ ᠪᠠᠷᠢᠭᠰᠠᠨ ᠡᠰᠡᠬᠦ᠂ ᠲᠣᠭᠲᠠᠭᠠᠯ  ᠠᠴᠠ ᠵᠥᠷᠢᠴᠡᠨ ᠨᠡᠮᠡᠵᠦ ᠪᠠᠶᠢᠭᠤᠯᠤᠭᠰᠠᠨ ᠡᠰᠡᠬᠦ ᠵᠡᠷᠭᠡ ᠪᠦᠲᠦᠴᠡ ᠶᠢᠨ ᠠᠮᠤᠷ ᠲᠦᠪᠰᠢᠨ ᠢ ᠨᠥᠯᠥᠭᠡᠯᠡᠭᠰᠡᠨ ᠪᠠᠶᠢᠳᠠᠯ ᠣᠷᠣᠰᠢᠵᠤ ᠪᠠᠶᠢᠬᠤ ᠡᠰᠡᠬᠦ᠃     3. ᠶᠡᠭᠡ ᠠᠯᠭᠠᠰᠠᠯ ᠶᠡᠭᠡ ᠣᠷᠣᠨ ᠵᠠᠢ ᠶᠢᠨ ᠣᠯᠠᠨ ᠨᠡᠶᠢᠲᠡ ᠶᠢᠨ ᠪᠠᠷᠢᠯᠭ᠎ᠠ ᠶᠢᠨ ᠡᠷᠬᠢᠨ ᠲᠣᠭᠤᠷᠢᠨ ᠤ ᠪᠠᠷᠢᠯᠭ᠎ᠠ ᠶᠢᠨ ᠠᠵᠢᠯᠯᠠᠭ᠎ᠠ ᠳᠤ ᠬᠠᠤᠯᠢ ᠲᠣᠭᠲᠠᠭᠠᠯ  ᠠᠴᠠ ᠵᠥᠷᠢᠴᠡᠨ ᠪᠠᠷᠢᠯᠭ᠎ᠠ ᠪᠠᠷᠢᠭᠰᠠᠨ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ᠂ ᠶᠡᠭᠡ ᠠᠯᠭᠠᠰᠠᠯ ᠶᠡᠭᠡ ᠣᠷᠣᠨ ᠵᠠᠢ ᠶᠢᠨ ᠣᠯᠠᠨ ᠨᠡᠶᠢᠲᠡ ᠶᠢᠨ ᠪᠠᠷᠢᠯᠭ᠎ᠠ ᠶᠢᠨ ᠭᠤᠣᠯ ᠴᠣᠭᠴᠠ ᠶᠢᠨ ᠪᠦᠲᠦᠴᠡ ᠶᠢᠨ ᠠᠮᠤᠷ ᠲᠦᠪᠰᠢᠨ ᠳᠤ ᠮᠠᠭᠤ ᠨᠥᠯᠥᠭᠡ ᠦᠵᠡᠭᠦᠯᠦᠭᠰᠡᠨ ᠡᠰᠡᠬᠦ᠃     4. C᠂ D ᠲᠠᠰ ᠢᠶᠠᠷ ᠬᠢᠨᠠᠨ ᠲᠣᠭᠲᠠᠭᠠᠭᠰᠠᠨ ᠪᠠᠶᠢᠪᠠᠯ᠂ ᠬᠡᠷᠡᠭᠯᠡᠬᠦ ᠪᠠᠨ ᠳᠠᠷᠤᠶᠢᠬᠠᠨ ᠵᠣᠭᠰᠣᠭᠠᠵᠤ᠂ ᠪᠢᠲᠡᠭᠦᠮᠵᠢᠯᠡᠨ ᠵᠣᠭᠰᠤᠭᠠᠬᠤ ᠵᠡᠷᠭᠡ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠪᠠᠷᠢᠯᠭ᠎ᠠ ᠶᠢᠨ ᠳᠣᠲᠣᠷᠠᠬᠢ ᠪᠠ ᠡᠷᠬᠢᠨ ᠲᠣᠭᠤᠷᠢᠨ ᠤ ᠬᠥᠮᠥᠰ ᠢ ᠲᠠᠷᠬᠠᠭᠠᠨ᠂ ᠨᠤᠷᠠᠵᠤ ᠶᠡᠭᠦᠷᠡᠬᠦ ᠠᠳᠡᠯ ᠤᠨ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠡᠵᠡᠮᠳᠡᠬᠦ ᠶᠢᠨ ᠬᠠᠮᠲᠤ ᠤᠯᠠᠮ ᠨᠢᠭᠡ ᠠᠯᠬᠤᠮ ᠪᠠᠬᠢᠵᠢᠭᠦᠯᠬᠦ᠂ ᠥᠭᠡᠷᠡᠴᠢᠯᠡᠬᠦ᠂ ᠨᠤᠷᠠᠭᠠᠬᠤ ᠵᠡᠷᠭᠡ ᠢᠨᠵᠧᠨᠧᠷᠢᠩ ᠤᠨ ᠠᠷᠭ᠎ᠠ ᠬᠡᠮᠵᠢᠶ᠎ᠡ ᠠᠪᠴᠤ ᠳᠠᠯᠳᠠ ᠬᠡᠮ ᠢ ᠲᠤᠶᠢᠯᠪᠤᠷᠢᠲᠠᠢ ᠠᠷᠢᠯᠭᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠠᠨ ᠵᠢᠴᠢ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ︽ᠨᠢᠭᠡ ᠰᠠᠭᠤᠷᠢ ᠨᠢᠭᠡ ᠪᠣᠳᠣᠯᠭ᠎ᠠ︾ ᠳᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠲᠣᠭᠲᠠᠭᠠᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ  ᠠᠴᠠ ᠡᠮᠦᠨ᠎ᠡ ᠰᠡᠷᠭᠦᠭᠡᠨ ᠬᠡᠷᠡᠭᠯᠡᠵᠦ ᠪᠣᠯᠬᠤ ᠦᠭᠡᠢ᠃     ᠲᠠᠶᠢᠯᠤᠮᠵᠢ ᠬᠢᠭᠰᠡᠨ ᠨᠢᠭᠡᠴᠡ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠡᠷ ᠬᠥᠷᠥᠩᠭᠡ ᠶᠢᠨ ᠶᠠᠪᠤᠳᠠᠯ ᠤᠨ ᠦᠢᠯᠡᠴᠢᠯᠡᠭᠡᠨ ᠤ ᠲᠥᠪ      ᠲᠠᠶᠢᠯᠤᠮᠵᠢ ᠬᠢᠭᠴᠢ᠄ ᠶᠢᠨ ᠫᠧᠩ ᠤᠲᠠᠰᠤ᠄ 0475 ︱ 5214970 
 
ᠢᠷᠡᠯᠲᠡ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠡᠷ ᠬᠥᠷᠥᠩᠭᠡ ᠶᠢᠨ ᠶᠠᠪᠤᠳᠠᠯ ᠤᠨ ᠦᠢᠯᠡᠴᠢᠯᠡᠭᠡᠨ ᠤ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号