HPV ᠸᠠᠺᠼᠢᠨ ᠢ 3 ᠰᠠᠷ᠎ᠠ ᠶᠢᠨ 29 ᠤ ᠡᠳᠦᠷ ᠰᠦᠯᠵᠢᠶᠡᠨ ᠳᠡᠭᠡᠷ᠎ᠡ ᠤᠷᠢᠳᠴᠢᠯᠡᠨ ᠪᠤᠯᠵᠤᠬᠤ ᠪᠤᠯᠤᠨ᠎ᠠ
ᠨᠡᠶᠢᠲᠡᠯᠡᠭᠰᠡᠨ ᠴᠠᠭ᠄
2024/3/29
    ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 3 ᠳ᠋ᠤᠭᠠᠷ ᠰᠠᠷ᠎ᠠ ᠠᠴᠠ ᠡᠬᠢᠯᠡᠨ᠂ ᠶᠢᠰᠦᠨ ᠸᠠᠯᠧᠨ᠋ᠲ ᠤᠨ HPV ᠸᠠᠺᠼᠢᠨ ᠢ ᠰᠠᠷ᠎ᠠ ᠪᠦᠷᠢ ᠬᠤᠶᠠᠷ ᠤᠳᠠᠭ᠎ᠠ ᠤᠷᠢᠳᠴᠢᠯᠠᠨ ᠪᠣᠯᠵᠣᠬᠤ ᠪᠣᠯᠣᠨ᠎ᠠ᠂ ᠲᠣᠰ ᠤᠳᠠᠭ᠎ᠠ ᠶᠢᠨ ᠲᠦᠩᠯᠢᠶᠣᠣ ᠬᠤᠲᠠ ᠶᠢᠨ ᠤᠷᠢᠳᠴᠢᠯᠠᠨ ᠪᠣᠯᠵᠣᠬᠤ ᠴᠠᠭ ᠨᠢ 3 ᠳ᠋ᠤᠭᠠᠷ ᠰᠠᠷ᠎ᠠ ᠶᠢᠨ 29 ᠤ ᠡᠳᠦᠷ ᠤᠨ 9 ᠴᠠᠭ ᠠᠴᠠ 24 ᠴᠠᠭ ᠪᠣᠯᠣᠨ᠎ᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃      ᠨᠢᠭᠡ᠂ ᠤᠷᠢᠳᠴᠢᠯᠠᠨ ᠪᠣᠯᠵᠣᠬᠤ ᠠᠷᠭ᠎ᠠ ᠮᠠᠶ᠋ᠢᠭ᠄  ︽ᠮᠦᠩᠬᠡ ᠰᠤᠪᠠᠭ︾ ᠪᠣᠯ ᠠᠯᠪᠠᠨ ᠤ ᠲᠠᠯ᠎ᠠ ᠶᠢᠨ ᠴᠣᠷ ᠤᠨ ᠭᠠᠭᠴᠠ ᠤᠷᠢᠳᠴᠢᠯᠠᠨ ᠪᠣᠯᠵᠣᠬᠤ ᠲᠠᠪᠴᠠᠩ ᠮᠥᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠸᠢᠴᠠᠲ ᠂ ᠲᠣᠭᠠᠴᠠᠭ᠎ᠠ ᠬᠢᠬᠦᠷ ᠢᠶᠠᠷ ᠳᠠᠮᠵᠢᠭᠤᠯᠤᠨ ︽ᠮᠦᠩᠬᠡ ᠰᠤᠪᠠᠭ︾ ᠤᠨ ᠵᠢᠵᠢᠭ ᠫᠷᠣᠭ᠍ᠷᠠᠮ ᠢ ᠡᠷᠢᠬᠦ ᠪᠤᠶᠤ ︽ᠮᠦᠩᠬᠡ ᠰᠤᠪᠠᠭ︾ ᠤᠨ APP ᠶᠢ ᠪᠠᠭᠤᠯᠭᠠᠵᠤ᠂ ᠳᠠᠩᠰᠠᠯᠠᠭᠤᠯᠤᠭᠰᠠᠨ ᠤ ᠳᠠᠷᠠᠭ᠎ᠠ ᠠᠩᠬᠠᠨ ᠤ ᠨᠢᠭᠤᠷ ᠲᠠᠬᠢ HPV ᠸᠠᠺᠼᠢᠨ ᠤ ᠤᠷᠢᠳᠴᠢᠯᠠᠨ ᠪᠣᠯᠵᠣᠬᠤ ᠲᠠᠷᠢᠯᠭ᠎ᠠ ᠶᠢᠨ ᠣᠷᠣᠬᠤ ᠭᠠᠵᠠᠷ ᠤᠨ ᠨᠢᠭᠤᠷ ᠲᠤ ᠤᠷᠢᠳᠴᠢᠯᠠᠨ ᠪᠣᠯᠵᠣᠬᠤ ᠭᠡᠷᠡᠴᠢᠯᠡᠯ ᠬᠢᠵᠦ ᠪᠣᠯᠣᠨ᠎ᠠ᠃      ᠬᠤᠶᠠᠷ᠂ ᠠᠩᠬᠠᠷᠬᠤ ᠵᠦᠢᠯ᠄ ︵ᠨᠢᠭᠡ︶ ᠶᠢᠰᠦᠨ ᠸᠠᠯᠧᠨ᠋ᠲ ᠤᠨ ᠸᠠᠺᠼᠢᠨ ᠤ ᠲᠠᠷᠢᠯᠭ᠎ᠠ ᠶᠢᠨ ᠲᠠᠰ ᠳᠠᠷᠠᠭᠠᠯᠠᠯ  ᠨᠢ ᠳᠣᠣᠷᠠᠬᠢ ᠮᠡᠲᠦ᠄ 0᠂ 2᠂ 6 ᠰᠠᠷ᠎ᠠ ᠳᠤ ᠲᠣᠰ ᠲᠣᠰ ᠨᠢᠭᠡ ᠲᠠᠷᠢᠯᠭ᠎ᠠ ᠬᠢᠵᠦ᠂ ᠪᠥᠬᠦ ᠶᠠᠪᠤᠴᠠ ᠳᠤ ᠭᠤᠷᠪᠠᠨ ᠲᠠᠷᠢᠯᠭ᠎ᠠ ᠬᠢᠬᠦ ᠬᠡᠷᠡᠭᠲᠡᠢ᠃ ︵ᠬᠤᠶᠠᠷ︶ ᠶᠢᠰᠦᠨ ᠸᠠᠯᠧᠨ᠋ᠲ ᠤᠨ HPV ᠸᠠᠺᠼᠢᠨ ᠤ ᠲᠠᠷᠢᠯᠭ᠎ᠠ ᠶᠢᠨ ᠡᠮ ᠨᠢ 1328 ᠲᠥᠭᠦᠷᠢᠭ᠂ ᠲᠤᠬᠠᠢ ᠶᠢᠨ ᠲᠠᠯᠠᠪᠤᠷ ᠲᠤ ᠰᠦᠢᠳᠬᠡᠯ ᠲᠤᠰᠢᠶᠠᠨ᠎ᠠ᠂ ᠰᠦᠢᠳᠬᠡᠯ ᠲᠤᠰᠢᠶᠠᠬᠤ ᠪᠤᠰᠤᠳ ᠶᠠᠮᠠᠷᠪᠠ ᠠᠷᠭ᠎ᠠ ᠵᠠᠮ ᠢ ᠪᠢᠲᠡᠭᠡᠢ ᠢᠲᠡᠭᠡᠭᠡᠷᠡᠢ᠂ ᠢᠩᠭᠢᠪᠡᠯ ᠠᠵᠤ ᠠᠬᠤᠢ ᠶᠢᠨ ᠬᠤᠬᠢᠷᠠᠯ ᠭᠠᠷᠬᠤ ᠠᠴᠠ ᠵᠠᠶᠢᠯᠠᠰᠬᠢᠨ᠎ᠡ᠃ ︵ᠭᠤᠷᠪᠠ︶ ᠪᠣᠯᠵᠣᠭᠰᠠᠨ ᠮᠡᠳᠡᠭᠡ ᠵᠠᠩᠭᠢ ᠶᠢ ᠨᠡᠶᠢᠲᠡ 7 ᠡᠳᠦᠷ ᠦᠯᠡᠳᠡᠭᠡᠨ᠎ᠡ᠂ ᠬᠤᠪᠢ ᠬᠥᠮᠥᠨ ᠤ ᠰᠢᠯᠲᠠᠭᠠᠨ ᠠᠴᠠ ᠪᠣᠯᠵᠤ ᠴᠠᠭ ᠲᠤᠬᠠᠢ ᠳᠤᠨᠢ ᠳᠠᠷᠢᠵᠤ ᠳᠡᠶᠢᠯᠬᠦ ᠦᠭᠡᠢ ᠪᠣᠯ ᠲᠠᠷᠢᠯᠭ᠎ᠠ ᠶᠢᠨ ᠴᠡᠭ ᠲᠠᠢ ᠴᠠᠭ ᠲᠤᠬᠠᠢ ᠳᠤᠨᠢ ᠬᠠᠷᠢᠯᠴᠠᠵᠤ᠂ 7 ᠡᠳᠦᠷ ᠳᠣᠲᠣᠷ᠎ᠠ ᠠᠩᠬᠠᠨ ᠤ ᠲᠠᠷᠢᠯᠭ᠎ᠠ ᠪᠠᠨ ᠬᠢᠵᠦ ᠳᠠᠭᠤᠰᠬᠠᠭᠰᠠᠨ ᠦᠭᠡᠢ ᠪᠣᠯ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠵᠦ᠂ ᠳᠠᠭᠢᠵᠤ ᠰᠢᠨ᠎ᠡ ᠪᠠᠷ ᠪᠣᠯᠵᠣᠬᠤ ᠬᠡᠷᠡᠭᠲᠡᠢ᠃ ᠵᠠᠯᠭᠠᠭ᠎ᠠ ᠪᠠᠷ 3 ᠤᠳᠠᠭ᠎ᠠ ᠪᠣᠯᠵᠣᠵᠤ ᠳᠠᠭᠤᠰᠤᠭᠰᠠᠨ ᠤ ᠳᠠᠷᠠᠭ᠎ᠠ ᠴᠥᠮ ᠲᠤᠬᠠᠢ ᠶᠢᠨ ᠲᠠᠯᠠᠪᠤᠷ ᠲᠤ ᠬᠦᠷᠴᠦ ᠲᠠᠷᠢᠯᠭ᠎ᠠ ᠬᠢᠭᠰᠡᠨ ᠦᠭᠡᠢ ᠪᠤᠯ᠂ 12 ᠰᠠᠷ᠎ᠠ ᠳᠣᠲᠣᠷ᠎ᠠ ᠲᠠᠬᠢᠨ ᠪᠤᠯᠵᠤᠵᠤ ᠪᠤᠯᠬᠤ ᠦᠭᠡᠢ᠃ ︵ᠳᠥᠷᠪᠡ︶ ᠤᠷᠢᠳᠴᠢᠯᠠᠨ ᠪᠣᠯᠵᠣᠭᠰᠠᠨ ᠳ᠋ᠤᠭᠠᠷ ᠢ ᠠᠷᠠᠯᠵᠢᠶᠠᠯᠠᠬᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠤᠷᠢᠳᠴᠢᠯᠠᠨ ᠪᠣᠯᠵᠣᠭᠰᠠᠨ ᠳ᠋ᠤᠭᠠᠷ ᠢ ᠠᠷᠠᠯᠵᠢᠶᠠᠯᠠᠬᠤ ᠠᠵᠢᠯᠯᠠᠭ᠎ᠠ ᠳᠤ ᠰᠠᠭᠤᠭᠠᠯᠢ ᠠᠷᠠᠳ ᠪᠢᠲᠡᠭᠡᠢ ᠣᠷᠣᠯᠴᠠᠭᠠᠷᠠᠢ᠂ ᠬᠡᠷᠪᠡ ᠲᠤᠭ᠎ᠠ ᠪᠠᠷᠢᠮᠲᠠ ᠨᠢ ᠬᠡᠪ ᠤᠨ ᠪᠤᠰᠤ ᠪᠠᠶᠢᠬᠤ ᠶᠢ ᠣᠯᠵᠤ ᠮᠡᠳᠡᠪᠡᠯ ᠲᠣᠰ ᠤᠷᠢᠳᠴᠢᠯᠠᠨ ᠪᠣᠯᠵᠣᠭᠰᠠᠨ ᠳ᠋ᠤᠭᠠᠷ ᠤᠨ ᠤᠷᠢᠳᠴᠢᠯᠠᠨ ᠪᠣᠯᠵᠣᠭᠰᠠᠨ ᠲᠠᠷᠢᠯᠭ᠎ᠠ ᠶᠢ ᠬᠦᠴᠦᠨ ᠦᠭᠡᠢ ᠪᠣᠯᠭᠠᠵᠤ᠂ ᠡᠭᠦᠨ ᠠᠴᠠ ᠪᠣᠯᠤᠭᠰᠠᠨ ᠬᠤᠬᠢᠷᠠᠯ ᠢ ᠲᠣᠰ ᠬᠥᠮᠥᠨ ᠨᠢ ᠡᠭᠦᠷᠭᠡᠯᠡᠨ᠎ᠡ᠃     ᠭᠤᠷᠪᠠ᠂ ᠲᠠᠷᠢᠯᠭ᠎ᠠ ᠬᠢᠬᠦ ᠳᠤ ᠴᠡᠭᠡᠷᠯᠡᠬᠦ ᠵᠦᠢᠯ᠄ ︵ᠨᠢᠭᠡ︶ ᠸᠠᠺᠼᠢᠨ ᠪᠤᠶᠤ ᠸᠠᠺᠼᠢᠨ ᠤ ᠶᠠᠮᠠᠷ ᠴᠤ ᠲᠤᠰᠠᠯᠠᠬᠤ ᠮᠠᠲ᠋ᠧᠷᠢᠶᠠᠯ ᠳᠤ ᠬᠠᠷᠰᠢᠳᠠᠭ ᠬᠥᠮᠥᠰ᠃ ︵ᠬᠤᠶᠠᠷ︶ ᠵᠢᠷᠮᠦᠰᠦᠨ ᠬᠤᠭᠤᠴᠠᠭ᠎ᠠ᠂ ᠬᠥᠬᠦᠭᠦᠯᠵᠦ ᠪᠠᠶᠢᠭ᠎ᠠ ᠬᠤᠭᠤᠴᠠᠭᠠᠨ ᠳᠠᠬᠢ ᠡᠮᠡᠭᠲᠡᠢ ᠬᠤᠶᠢᠰᠢᠯᠠᠭᠤᠯᠤᠨ ᠪᠤᠯᠵᠤᠭᠠᠷᠠᠢ᠃ ︵ᠭᠤᠷᠪᠠ︶ ᠬᠠᠯᠠᠭᠤᠷᠠᠬᠤ᠂ ᠡᠯ᠎ᠡ ᠵᠦᠢᠯ ᠤᠨ ᠲᠦᠷᠭᠡᠨ ᠴᠢᠨᠠᠷᠲᠠᠢ ᠡᠪᠡᠳᠴᠢᠨ ᠤ ᠬᠥᠳᠡᠯᠬᠦ ᠬᠤᠭᠤᠴᠠᠭ᠎ᠠ᠂ ᠤᠳᠠᠭᠠᠨ ᠴᠢᠨᠠᠷᠲᠠᠢ ᠡᠪᠡᠳᠴᠢᠨ ᠤ ᠲᠦᠷᠭᠡᠨ ᠴᠢᠨᠠᠷᠲᠠᠢ ᠬᠥᠳᠡᠯᠬᠦ ᠬᠤᠭᠤᠴᠠᠭ᠎ᠠ ᠳᠤ ᠪᠠᠶᠢᠭ᠎ᠠ ᠡᠮᠡᠭᠳᠡᠢ ᠬᠤᠶᠢᠰᠢᠯᠠᠭᠤᠯᠤᠨ ᠪᠤᠯᠵᠤᠭᠠᠷᠠᠢ᠃᠃ ︵ᠳᠥᠷᠪᠡ︶ ᠲᠠᠷᠢᠯᠭ᠎ᠠ ᠬᠢᠬᠦ ᠠᠴᠠ ᠡᠮᠦᠨ᠎ᠡ ᠭᠤᠷᠪᠠᠨ ᠰᠠᠷ᠎ᠠ ᠳᠣᠲᠣᠷ᠎ᠠ ᠦᠯᠦ ᠬᠠᠯᠳᠠᠭᠠᠬᠤ ᠪᠥᠮᠪᠥᠭᠡᠨ ᠤᠭᠤᠷᠠᠭ ᠪᠤᠶᠤ ᠴᠢᠰᠤᠨ ᠤ ᠪᠦᠲᠦᠭᠡᠭᠳᠡᠬᠦᠨ ᠢ ᠬᠡᠷᠡᠭᠯᠡᠬᠦ ᠠᠴᠠ ᠵᠠᠶᠢᠯᠠᠰᠬᠢᠬᠦ ᠬᠡᠷᠡᠭᠳᠡᠢ᠃ ︵ᠲᠠᠪᠤ︶ ᠴᠢᠰᠤᠨ ᠢᠯᠲᠠᠰᠤ ᠪᠠᠭᠠᠰᠤᠭᠰᠠᠨ ᠡᠪᠡᠳᠴᠢᠲᠡᠨ ᠵᠢᠴᠢ ᠠᠯᠢᠪᠠ ᠴᠢᠰᠤ ᠡᠭᠡᠳᠡᠷᠡᠬᠦ ᠠᠵᠢᠯᠯᠠᠭ᠎ᠠ ᠰᠠᠭᠠᠳ ᠲᠠᠢ ᠡᠪᠡᠳᠴᠢᠲᠡᠨ ᠪᠣᠯᠭᠤᠮᠵᠢᠲᠠᠢ ᠪᠠᠷ ᠲᠠᠷᠢᠯᠭ᠎ᠠ ᠬᠢᠬᠦ ᠬᠡᠷᠡᠭᠲᠡᠢ᠃ ︵ᠵᠢᠷᠭᠤᠭ᠎ᠠ︶ ᠣᠶᠢᠷ᠎ᠠ ᠶᠢᠨ ᠬᠤᠭᠤᠴᠠᠭᠠᠨ ᠳᠤ ᠳᠤᠷ᠎ᠠ ᠶᠢᠨ ᠨᠢᠭᠡ ᠵᠦᠢᠯ ᠤᠨ ᠸᠠᠺᠼᠢᠨ ᠤ ᠲᠠᠷᠢᠯᠭ᠎ᠠ ᠬᠢᠭᠡᠳ 14 ᠡᠳᠦᠷ ᠪᠣᠯᠤᠭ᠎ᠠ ᠦᠭᠡᠢ ᠬᠥᠮᠥᠰ ᠠᠩᠬᠠᠷᠬᠤ ᠬᠡᠷᠡᠭᠳᠡᠢ᠃ 
 
ᠢᠷᠡᠯᠲᠡ᠄ ᠲᠦᠩᠯᠢᠶᠣᠣ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号