ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠬᠠᠳᠡᠨ ᠪᠠᠲᠤ ᠴᠢᠨᠠᠷ ᠢ ᠴᠠᠭ ᠢᠮᠠᠭᠳᠠ ᠪᠠᠷᠢᠮᠳᠠᠯᠠᠵᠤ ᠨᠠᠮ ᠤᠨ ᠠᠭᠤᠤ ᠶᠡᠭᠡ ᠦᠪᠡᠷ ᠤᠨ ᠪᠡᠶ᠎ᠠ ᠶᠢᠨ ᠬᠤᠪᠢᠰᠬᠠᠯ ᠢ ᠡᠴᠦᠰ ᠲᠤᠨᠢ ᠲᠤᠯᠳᠠᠯ᠎ᠠ ᠬᠢᠬᠦ ᠬᠡᠷᠡᠭᠳᠠᠢ
ᠨᠡᠶᠢᠲᠡᠯᠡᠭᠰᠡᠨ ᠴᠠᠭ᠄
2024/3/29
︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ    ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠬᠠᠳᠡᠨ ᠪᠠᠲᠤ ᠴᠢᠨᠠᠷ ᠢ ᠴᠠᠭ ᠢᠮᠠᠭᠳᠠ ᠪᠠᠷᠢᠮᠳᠠᠯᠠᠵᠤ ᠨᠠᠮ ᠤᠨ ᠠᠭᠤᠤ ᠶᠡᠭᠡ ᠦᠪᠡᠷ ᠤᠨ ᠪᠡᠶ᠎ᠠ ᠶᠢᠨ ᠬᠤᠪᠢᠰᠬᠠᠯ ᠢ ᠡᠴᠦᠰ ᠲᠤᠨᠢ ᠲᠤᠯᠳᠠᠯ᠎ᠠ ᠬᠢᠬᠦ ᠬᠡᠷᠡᠭᠳᠠᠢ       ᠰᠢᠠᠬᠤᠧᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 15 ᠤ ᠡᠳᠦᠷ ᠤᠨ ᠮᠡᠳᠡᠭᠡ 3 ᠰᠠᠷ᠎ᠠ ᠶᠢᠨ 16 ᠤ ᠡᠳᠦᠷ ᠬᠡᠪᠯᠡᠭᠳᠡᠭᠰᠡᠨ 6 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠬᠠᠳᠠᠨ ᠪᠠᠲᠤ ᠴᠢᠨᠠᠷ ᠢ ᠴᠠᠭ ᠢᠮᠠᠭᠳᠠ ᠪᠠᠷᠢᠮᠳᠠᠯᠠᠵᠤ᠂ ᠨᠠᠮ ᠤᠨ ᠠᠭᠤᠤ ᠶᠡᠭᠡ ᠦᠪᠡᠷ ᠤᠨ ᠪᠡᠶ᠎ᠠ ᠶᠢᠨ ᠬᠤᠪᠢᠰᠬᠠᠯ ᠢ ᠡᠴᠦᠰ ᠲᠤᠨᠢ ᠲᠤᠯᠳᠠᠯ᠎ᠠ ᠬᠢᠬᠦ ᠬᠡᠷᠡᠭᠳᠠᠢ︾ ᠭᠡᠬᠦ ᠴᠢᠬᠤᠯᠠ ᠵᠤᠬᠢᠶᠠᠯ ᠢ ᠨᠡᠶᠢᠲᠡᠯᠡᠪᠡ᠃     ᠵᠣᠬᠢᠶᠠᠯ ᠳᠤ᠂ ᠤᠯᠤᠰ ᠢ ᠵᠠᠰᠠᠬᠤ ᠳᠤ ᠡᠷᠬᠡᠪᠰᠢ ᠤᠷᠢᠳ ᠢᠶᠠᠷ ᠨᠠᠮ ᠢ ᠵᠠᠰᠠᠬᠤ ᠬᠡᠷᠡᠭᠲᠡᠢ᠂ ᠨᠠᠮ ᠮᠠᠨᠳᠤᠪᠠᠯ ᠰᠠᠶ᠋ᠢ ᠤᠯᠤᠰ ᠬᠦᠴᠦᠷᠬᠡᠭᠵᠢᠵᠦ ᠴᠢᠳᠠᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠠᠷᠪᠠᠨ ᠵᠢᠯ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠶᠢ ᠭᠦᠨᠵᠡᠭᠡᠢ ᠳ᠋ᠦᠩᠨᠡᠵᠦ᠂ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠬᠠᠳᠠᠨ ᠪᠠᠲᠤ ᠴᠢᠨᠠᠷ ᠢ ᠪᠦᠬᠦ ᠨᠠᠮ ᠢᠶᠠᠷ ᠢᠶᠠᠨ ᠴᠠᠭ ᠢᠮᠠᠭᠳᠠ ᠪᠠᠷᠢᠮᠳᠠᠯᠠᠬᠤ ᠶᠢ ᠴᠢᠨᠠᠭᠰᠢᠳᠠ ᠱᠠᠭᠠᠷᠳᠠᠪᠠ᠃ ᠡᠨᠡ ᠪᠣᠯ ᠮᠠᠨ ᠤ ᠨᠠᠮ ᠤᠨ ᠣᠷᠣᠰᠢᠵᠤ ᠪᠠᠶᠢᠭ᠎ᠠ ᠲᠡᠦᠬᠡᠨ ᠣᠷᠣᠨ ᠪᠠᠶᠢᠷᠢ᠂ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ᠂ ᠲᠤᠯᠭᠠᠷᠠᠵᠤ ᠪᠠᠶᠢᠭ᠎ᠠ ᠪᠤᠳᠤᠯᠢᠶᠠᠨᠲᠠᠢ ᠣᠷᠴᠢᠨ ᠠᠴᠠ ᠡᠭᠦᠰᠴᠦ᠂ ᠨᠠᠮ ᠤᠨ ᠦᠨᠳᠦᠰᠦᠨ ᠰᠢᠨᠵᠢ ᠴᠢᠨᠠᠷ ᠪᠣᠯᠤᠨ ᠨᠠᠮ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠭᠦᠨᠵᠡᠭᠡᠢ ᠡᠵᠡᠮᠳᠡᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠳᠤᠷᠠᠳᠤᠭᠰᠠᠨ ᠰᠢᠨ᠎ᠡ ᠴᠢᠬᠤᠯᠠ ᠶᠡᠭᠡ ᠰᠡᠳᠦᠪ ᠪᠣᠯᠤᠨ᠎ᠠ ᠭᠡᠵᠤ ᠴᠢᠬᠤᠯᠠᠴᠢᠯᠠᠪᠠ᠃     ᠵᠣᠬᠢᠶᠠᠯ ᠳᠤ᠂ ᠮᠠᠨ ᠤ ᠨᠠᠮ ᠪᠣᠯ ᠮᠠᠷᠺᠰ ᠤᠨ ᠦᠵᠡᠯ ᠤᠨ ᠨᠠᠮ ᠪᠠᠶᠢᠭᠤᠯᠬᠤ ᠰᠤᠷᠭᠠᠯ ᠤᠨ ᠵᠢᠯᠤᠭᠤᠳᠤᠯᠭ᠎ᠠ ᠳᠣᠣᠷ᠎ᠠ᠂ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢᠶᠠᠷ ᠪᠠᠶᠢᠭᠤᠯᠤᠭᠳᠠᠭᠰᠠᠨ ᠳᠡᠯᠡᠬᠡᠢ ᠶᠢᠨ ᠬᠠᠮᠤᠭ ᠤᠨ ᠶᠡᠭᠡ ᠲᠦᠷᠦ ᠶᠢᠨ ᠨᠠᠮ ᠪᠣᠯᠤᠨ᠎ᠠ᠂ ᠳᠡᠯᠡᠬᠡᠢ ᠳᠡᠭᠡᠷᠡᠬᠢ ᠬᠥᠮᠦᠨ ᠠᠮᠠ ᠪᠠᠷ ᠬᠠᠮᠤᠭ ᠤᠨ ᠤᠯᠠᠨ ᠤᠯᠤᠰ ᠲᠤ ᠤᠷᠳᠤ ᠬᠤᠭᠤᠴᠠᠭ᠎ᠠ ᠪᠠᠷ ᠲᠦᠷᠦ ᠪᠠᠷᠢᠵᠤ᠂ ᠲᠡᠦᠬᠡ ᠤᠷᠳᠤ᠂ ᠬᠥᠮᠦᠨ ᠤ ᠲᠤᠭ᠎ᠠ ᠤᠯᠠᠨ᠂ ᠬᠡᠪᠴᠢᠶ᠎ᠠ ᠶᠡᠭᠡ ᠪᠠᠶᠢᠵᠤ᠂ ᠶᠡᠭᠡ ᠶᠠᠪᠤᠳᠠᠯ ᠢ ᠬᠢᠵᠤ᠂ ᠠᠭᠤᠤ ᠦᠢᠯᠡᠰ ᠢ ᠪᠠᠶᠢᠭᠤᠯᠬᠤ ᠯᠤᠲᠤ ᠶᠡᠭᠡ ᠳᠠᠪᠠᠭᠤᠯᠢᠭ ᠲᠠᠢ ᠪᠥᠭᠡᠳ ᠨᠠᠮ ᠢ ᠵᠠᠰᠠᠵᠤ ᠤᠯᠤᠰ ᠢ ᠵᠠᠰᠠᠬᠤ ᠣᠨᠴᠠᠭᠠᠢ ᠬᠦᠴᠢᠷ ᠠᠰᠠᠭᠤᠳᠠᠯ ᠳᠤ ᠴᠤ ᠲᠤᠯᠭᠠᠷᠠᠵᠤ ᠪᠠᠶᠢᠨ᠎ᠠ᠃ ᠨᠠᠭᠠᠳᠤ ᠵᠠᠬ᠎ᠠ ᠳᠠᠭᠠᠨ ᠳᠣᠣᠷᠠᠬᠢ ᠬᠡᠳᠦᠨ ᠶᠡᠭᠡ ᠬᠦᠴᠢᠷ ᠠᠰᠠᠭᠤᠳᠠᠯ ᠢ ᠤᠯᠠᠮ ᠴᠢᠨᠠᠭᠰᠢᠳᠠ ᠰᠤᠳᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ᠄ ᠬᠡᠷᠬᠢᠨ ᠢᠮᠠᠭᠲᠠ ᠤᠭ ᠰᠠᠨᠠᠭ᠎ᠠ ᠪᠠᠨ ᠦᠯᠦ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠬᠡᠷᠬᠢᠨ ᠢᠮᠠᠭᠲᠠ ᠦᠵᠡᠯ ᠰᠠᠨᠠᠭ᠎ᠠ ᠪᠠᠨ ᠨᠢᠭᠡᠳᠭᠡᠬᠦ᠂ ᠵᠣᠷᠢᠭ ᠰᠠᠨᠠᠭ᠎ᠠ ᠪᠠᠨ ᠨᠢᠭᠡᠳᠭᠡᠬᠦ᠂ ᠦᠢᠯᠡ ᠠᠵᠢᠯᠯᠠᠭ᠎ᠠ ᠪᠠᠨ ᠨᠢᠭᠡᠳᠭᠡᠬᠦ᠂ ᠬᠡᠷᠬᠢᠨ ᠢᠮᠠᠭᠲᠠ ᠬᠦᠴᠦᠷᠬᠡᠭ ᠶᠡᠭᠡ ᠲᠦᠷᠦ ᠪᠠᠷᠢᠬᠤ ᠴᠢᠳᠠᠪᠤᠷᠢ ᠪᠠ ᠤᠳᠤᠷᠢᠳᠬᠤ ᠬᠢᠷᠢ ᠲᠦᠪᠰᠢᠨ ᠢ ᠪᠦᠷᠢᠯᠳᠦᠭᠦᠯᠬᠦ᠂ ᠬᠡᠷᠬᠢᠨ ᠢᠮᠠᠭᠲᠠ ᠠᠵᠢᠯ ᠬᠢᠵᠦ ᠦᠢᠯᠡᠰ ᠪᠤᠰᠬᠠᠬᠤ ᠵᠣᠷᠢᠭ ᠰᠠᠨᠠᠭᠠᠨ ᠤ ᠪᠠᠶᠢᠳᠠᠯ ᠢᠶᠠᠨ ᠪᠠᠲᠤᠯᠠᠬᠤ᠂ ᠬᠡᠷᠬᠢᠨ ᠢᠮᠠᠭᠲᠠ ᠲᠤᠰ ᠪᠡᠶ᠎ᠡ ᠳᠤ ᠣᠷᠣᠰᠢᠵᠤ ᠪᠠᠶᠢᠭ᠎ᠠ ᠠᠰᠠᠭᠤᠳᠠᠯ ᠢᠶᠠᠨ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠬᠦ᠂ ᠬᠡᠷᠬᠢᠨ ᠢᠮᠠᠭᠲᠠ ᠰᠤᠷᠲᠠᠯ ᠴᠢᠭᠡᠴᠢ ᠤᠪᠤᠷ ᠲᠥᠪ ᠤᠯᠤᠰ ᠲᠦᠷᠦ ᠶᠢᠨ ᠠᠮᠢ ᠠᠬᠤᠢ ᠶᠢ ᠪᠠᠲᠤᠯᠠᠬᠤ ᠶᠠᠪᠤᠳᠠᠯ ᠪᠤᠯᠤᠨ᠎ᠠ᠃ ᠳᠡᠭᠡᠷ᠎ᠡ ᠳᠤᠷᠠᠳᠤᠭᠰᠠᠨ ᠬᠦᠴᠢᠷ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ ᠡᠷᠬᠡᠪᠰᠢ ᠳᠠᠪᠠᠭ᠋ᠤ ᠴᠢᠬᠤᠯᠠᠳᠠᠢ ᠳᠠᠪᠠᠭ᠎ᠠ ᠪᠣᠯᠤᠨ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠬᠤ ᠳᠤ ᠡᠷᠬᠡᠪᠰᠢ ᠰᠢᠢᠳᠪᠦᠷᠢᠯᠡᠬᠦ ᠴᠢᠬᠤᠯᠠᠳᠠᠢ ᠬᠦᠴᠢᠷ ᠠᠰᠠᠭᠤᠳᠠᠯ ᠪᠣᠯᠤᠨ᠎ᠠ᠃ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠨᠢ ᠵᠠᠶᠢᠯᠠᠰᠢ ᠦᠭᠡᠢ ᠤᠷᠳᠤ ᠬᠤᠭᠤᠴᠠᠭᠠᠨ ᠤ ᠪᠥᠭᠡᠳ ᠪᠡᠷᠬᠡ ᠬᠠᠲᠠᠭᠤᠵᠢᠯᠲᠠᠢ ᠶᠠᠪᠤᠴᠠ ᠪᠣᠯᠤᠨ᠎ᠠ᠂ ᠡᠨᠡ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠨᠠᠮ ᠤᠨ ᠥᠪᠡᠷ    ᠤᠨ    ᠪᠡᠶ᠎ᠡ   ᠶᠢᠨ    ᠬᠤᠪᠢᠰᠬᠠᠯ   ᠡᠭᠦᠷᠢᠳᠡ ᠵᠤᠬᠰᠤᠰᠢ ᠦᠭᠡᠢ ᠪᠠᠶᠢᠬᠤ ᠶᠢ ᠲᠣᠭᠲᠠᠭᠠᠵᠠᠢ᠃ ᠪᠢᠳᠡ ᠡᠷᠬᠡᠪᠰᠢ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠬᠤ᠂ ᠤᠯᠤᠰ ᠣᠷᠣᠨ ᠥᠨᠢ ᠤᠳᠠᠭᠠᠨ ᠠᠮᠤᠷ ᠲᠦᠪᠰᠢᠨ ᠪᠠᠶᠢᠬᠤ᠂ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠳᠤ ᠬᠤᠯᠪᠣᠭᠳᠠᠬᠤ ᠦᠨᠳᠤᠷᠴᠡ ᠳᠤ ᠵᠣᠭᠰᠣᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠮ ᠤᠨ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ᠂ ᠥᠨᠢᠳᠡ ᠶᠢᠨ ᠰᠡᠳᠦᠪ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠲᠦᠢᠯᠪᠤᠷᠢᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠨᠢᠳᠡ ᠲᠠᠭᠠᠷᠢᠯᠳᠠ ᠶᠢᠨ ᠪᠦᠷᠢᠶ᠎ᠡ ᠶᠢ ᠬᠠᠨᠭ᠍ᠬᠢᠨᠠᠭᠤᠯᠵᠤ᠂ ᠴᠢᠩᠭ᠎ᠠ ᠪᠠᠶᠢᠯᠭᠠᠬᠤ ᠦᠨᠳᠦᠰᠦᠨ ᠬᠦᠭ ᠠᠶᠠᠰ᠂ ᠴᠢᠩᠭ᠎ᠠ ᠪᠠᠶᠢᠯᠭᠠᠬᠤ ᠠᠷᠭ᠎ᠠ ᠬᠡᠮᠵᠢᠶ᠎ᠡ᠂ ᠴᠢᠩᠭ᠎ᠠ ᠪᠠᠶᠢᠯᠭᠠᠬᠤ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠨᠠᠮ ᠤᠨ ᠠᠭᠤᠤ ᠶᠡᠭᠡ ᠥᠪᠡᠷ ᠤᠨ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃     ᠵᠣᠬᠢᠶᠠᠯ ᠳᠤ᠂ ᠡᠷᠬᠡᠪᠰᠢ ᠪᠦᠬᠦ ᠨᠠᠮ ᠢᠶᠠᠷ ᠢᠶᠠᠨ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠬᠦ ᠶᠢ ᠠᠬᠢᠭᠤᠯᠬᠤ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠬᠦ ᠪᠠᠷ ᠦᠨᠳᠦᠰᠦᠨ ᠴᠢᠭᠯᠡᠯ ᠢᠶᠠᠨ ᠪᠤᠯᠭᠠᠵᠤ᠂ ᠴᠢᠩᠭ᠎ᠠ ᠬᠠᠮᠢᠶᠠᠷᠤᠨ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢ ᠳᠡᠭᠡᠳᠦ ᠬᠡᠮᠵᠢᠶ᠎ᠡ ᠪᠠᠷ ᠨᠢᠭᠡᠳᠭᠡᠵᠦ᠂ ᠡᠭᠦᠨ ᠤ ᠤᠯᠠᠮ ᠢᠶᠠᠷ ᠨᠡᠩ ᠪᠠᠲᠤ ᠴᠢᠩᠭ᠎ᠠ ᠤᠳᠤᠷᠢᠳᠬᠤ ᠬᠦᠴᠦᠨ ᠢ ᠳᠠᠪᠲᠠᠨ ᠪᠣᠯᠪᠠᠰᠤᠷᠠᠭᠤᠯᠵᠤ᠂   ᠨᠡᠩ    ᠥᠷᠭᠡᠨ    ᠳᠡᠯᠭᠡᠷ   ᠲᠡᠮᠡᠴᠡᠯ   ᠤᠨ    ᠬᠦᠴᠦᠨ ᠢ ᠨᠢᠭᠲᠠᠷᠠᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠵᠣᠷᠢᠯᠭ᠎ᠠ ᠨᠢ ᠬᠥᠮᠦᠨ ᠢ ᠨᠢᠭᠡᠮᠦᠰᠦᠨ ᠬᠠᠮᠢᠶᠠᠷᠬᠤ᠂ ᠬᠥᠮᠦᠰ ᠢ ᠤᠷᠢᠳᠤᠬᠢ ᠬᠤᠶᠢᠳᠤᠬᠢ ᠪᠠᠨ ᠪᠣᠳᠣᠬᠤ᠂ ᠠᠶᠤᠵᠤ ᠲᠠᠳᠠᠭᠠᠯᠵᠠᠬᠤ᠂ ᠴᠤᠭ ᠰᠦᠯᠳᠡ ᠦᠭᠡᠢ᠂ ᠶᠠᠭᠤ ᠴᠤ ᠪᠦᠲᠦᠭᠡᠵᠦ ᠴᠢᠳᠠᠬᠤ ᠦᠭᠡᠢ ᠦᠬᠦᠮᠡᠯ ᠪᠠᠶᠢᠳᠠᠯ ᠲᠠᠢ ᠪᠣᠯᠭᠠᠬᠤ ᠶᠢᠨ ᠲᠥᠯᠥᠭᠡ ᠪᠢᠰᠢ᠂ ᠬᠠᠷᠢᠨ ᠴᠢᠭᠯᠡᠯ ᠢ ᠲᠣᠳᠣᠷᠬᠠᠶᠢᠯᠠᠬᠤ᠂ ᠶᠣᠰᠣ ᠲᠦᠷᠢᠮ ᠢ ᠲᠣᠭᠲᠠᠭᠠᠬᠤ᠂ ᠰᠤᠷᠲᠠᠯ ᠢ ᠲᠥᠪ ᠪᠣᠯᠭᠠᠬᠤ᠂ ᠡᠭᠡᠯᠢᠯᠡᠭᠡ ᠶᠢ ᠴᠢᠩᠭᠠᠳᠬᠠᠬᠤ ᠪᠠᠷ ᠳᠠᠮᠵᠢᠭᠤᠯᠤᠨ᠂ ᠢᠳᠡᠪᠬᠢᠲᠡᠢ ᠡᠷᠡᠭᠦᠯ ᠰᠠᠷᠠᠭᠤᠯ᠂ ᠠᠵᠢᠯ ᠬᠢᠵᠦ ᠦᠢᠯᠡᠰ ᠪᠤᠰᠬᠠᠬᠤ ᠤᠯᠤᠰ ᠲᠦᠷᠦ ᠶᠢᠨ ᠠᠮᠢ ᠠᠬᠤᠢ ᠪᠣᠯᠤᠨ ᠰᠠᠶᠢᠨ ᠰᠠᠶᠢᠬᠠᠨ ᠣᠷᠴᠢᠨ ᠨᠦᠭᠦᠴᠡᠯ ᠢ ᠪᠤᠢ ᠪᠣᠯᠭᠠᠬᠤ ᠶᠢᠨ ᠲᠥᠯᠥᠭᠡ ᠶᠤᠮ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠦᠲᠦᠮᠵᠢᠲᠡᠢ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠦᠪᠡᠭᠴᠢᠯᠡᠨ ᠲᠡᠭᠦᠯᠳᠡᠷᠵᠢᠭᠦᠯᠵᠦ᠂ ︽ᠭᠤᠷᠪᠠ ᠶᠢ ᠢᠯᠭᠠᠬᠤ︾ ᠶᠢ ᠪᠠᠷᠢᠮᠲᠠᠯᠠᠨ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠢᠳᠡᠪᠬᠢᠵᠢᠯ᠂ ᠰᠠᠨᠠᠭᠠᠴᠢᠯᠠᠭᠠᠲᠤ  ᠴᠢᠨᠠᠷ᠂ ᠪᠦᠲᠦᠭᠡᠯᠴᠢ ᠴᠢᠳᠠᠪᠤᠷᠢ ᠶᠢ ᠨᠡᠩ ᠰᠠᠶᠢᠲᠤᠷ ᠬᠥᠭᠵᠢᠭᠡᠨ᠂ ᠰᠢᠨ᠎ᠡ ᠠᠶᠠᠨ ᠳᠤ    ᠡᠷᠡᠮᠡᠭᠡᠶᠢᠯᠡᠨ   ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠥᠳᠭᠡᠨ ᠵᠤᠵᠠᠭᠠᠨ ᠠᠭᠤᠷ ᠠᠮᠢᠰᠬᠤᠯ ᠪᠠ ᠠᠮᠢᠳᠤᠯᠢᠭ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号