2023 ᠣᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ | ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠪᠠ ᠲᠦᠩᠯᠢᠶᠣᠣ ᠬᠤᠲᠠ ᠶᠢᠨ ᠠᠷᠠᠯᠵᠢᠶᠠᠴᠢᠨ ᠤᠷᠢᠵᠤ ᠪᠡᠯᠡ | ᠲᠠᠳᠠᠬᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ︽ | ᠳᠣᠬᠢᠭᠤᠷ︾ ᠪᠣᠯᠭᠠᠵᠤ᠂ ᠢᠳᠡᠪᠬᠢᠲᠡᠢ ᠪᠠᠷ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠪᠠᠨ ᠴᠢᠩᠭᠠᠳᠬᠠᠨ᠂᠂ | ᠰᠢᠨ᠎ᠡ ᠶᠢ ᠡᠭᠦᠳᠬᠦ ᠶᠢ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠤᠷᠤᠬᠤ᠂ ᠪᠥᠬᠦ | ᠬᠤᠲᠠ ᠶᠢᠨ ᠲᠡᠷᠢᠬᠦᠨ ᠤ ᠡᠬᠦᠳᠦᠯᠳᠡ ᠪᠤᠶᠤ ᠪᠥᠬᠦ ᠬᠤᠰᠢᠭᠤᠨ ᠳᠤ ᠰᠢᠪᠲᠤᠯᠤᠯᠲᠠ ᠶᠢᠨ ᠴᠢᠨᠠᠷᠲᠠᠢ ᠬᠢᠯᠠᠰ ᠴᠡᠭ ᠢ | 30 ᠪᠤᠶᠢᠵᠢᠭᠤᠯᠵᠤ᠂ ︽ᠬᠢᠨᠠᠨ ᠵᠥᠪᠰᠢᠶᠡᠷᠡᠬᠦ ᠪᠠᠷ ᠬᠠᠮᠤᠭ ᠴᠥᠭᠡᠨ᠂ ᠶᠠᠪᠤᠴᠠ ᠪᠠᠷ ᠬᠠᠮᠤᠭ ᠰᠢᠯᠢᠳᠡᠭ᠂ ᠦᠷ᠎ᠡ | ᠪᠦᠲᠦᠮᠵᠢ ᠪᠠᠷ ᠬᠠᠮᠤᠭ ᠥᠨᠳᠥᠷ᠂ ᠦᠢᠯᠡᠴᠢᠯᠡᠭᠡ ᠪᠠᠷ ᠬᠠᠮᠤᠭ ᠰᠠᠶᠢᠨ︾ ᠡᠵᠡᠩᠨᠡᠯᠲᠡ ᠶᠢᠨ ᠣᠷᠴᠢᠨ ᠲᠣᠭᠤᠷᠢᠨ ᠢ | ᠴᠢᠷᠮᠠᠶᠢᠨ ᠪᠣᠶ ᠪᠤᠯᠭᠠᠪᠠ ᠃ | ᠬᠠᠮᠢᠭᠠᠬᠢ ᠶᠢᠨ ᠦᠢᠯᠡᠴᠢᠯᠡᠭᠡ ᠰᠠᠶᠢᠨ᠂ ᠬᠠᠮᠢᠭᠠᠬᠢ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠰᠠᠶᠢᠨ | ᠪᠣᠯ ᠲᠡᠨᠳᠡᠬᠢ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠳᠠᠷᠤᠢ ᠰᠠᠶᠢᠵᠢᠷᠠᠨ᠎ᠠ᠃ ᠥᠩᠭᠡᠷᠡᠭᠰᠡᠨ ᠨᠢᠭᠡ | ᠵᠢᠯ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠥᠪ ᠤᠨ ᠣᠷᠣᠯᠭ᠎ᠠ 4.57 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 29% | ᠪᠠᠷ ᠨᠡᠮᠡᠭᠳᠡᠨ᠂ ᠬᠤᠶᠠᠷ ᠵᠦᠢᠯ ᠤᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ | ᠨᠢᠭᠡᠳᠦᠭᠡᠷ ᠲᠤ ᠣᠷᠣᠪᠠ︔ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 8᠂ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ 5᠂ ᠭᠠᠳᠠᠭᠠᠳᠤ ᠪᠡᠯᠡ ᠶᠢᠨ ᠠᠵᠤ ᠠᠬᠤᠶᠢᠯᠠᠯ 1 ᠰᠢᠨ᠎ᠡ ᠪᠠᠷ | ᠨᠡᠮᠡᠭᠳᠡᠵᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠪᠥᠬᠦ ᠬᠤᠲᠠ ᠳᠤ | ᠨᠢᠭᠡᠳᠦᠭᠡᠷ ᠲᠤ ᠣᠷᠣᠪᠠ︔ 78 ᠭᠤᠣᠯᠳᠠᠯᠭ᠎ᠠ ᠲᠠᠢ ᠲᠥᠷᠥᠯ ᠵᠦᠢᠯ ᠭᠡᠷ᠎ᠡ ᠲᠣᠭᠲᠠᠵᠤ᠂ 33.87 ᠳ᠋ᠦᠩᠰᠢᠭᠤᠷ | ᠲᠥᠭᠦᠷᠢᠭ ᠪᠡᠯᠡ ᠮᠥᠩᠭᠦ ᠶᠢ ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 326% ᠪᠠᠷ ᠨᠡᠮᠡᠭᠳᠡᠪᠡ | ︔ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢ 5408 ᠲᠦᠮᠡᠨ ᠲᠥᠭᠦᠷᠢᠭ ᠰᠢᠨ᠎ᠡ ᠨᠡᠮᠡᠭᠳᠡᠭᠦᠯᠵᠦ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢ6018 ᠡᠷᠦᠬᠡ ᠰᠢᠨ᠎ᠡ ᠨᠡᠮᠡᠭᠳᠡᠭᠦᠯᠪᠡ︔ ︽ᠶᠡᠷᠦᠩᠬᠡᠶᠢᠯᠡᠭᠰᠡᠨ ᠨᠢᠭᠡ | ᠴᠣᠩᠬᠤ︾ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ 42 ᠰᠠᠯᠠᠭ᠎ᠠ ᠮᠥᠴᠢᠷ ᠤᠨ 1589 ᠵᠦᠢᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦᠳᠡ ᠶᠢ ᠶᠡᠷᠦᠩᠬᠡᠶᠢᠯᠡᠭᠰᠡᠨ ᠴᠣᠩᠬᠤᠨ ᠳᠤ ᠣᠷᠣᠭᠤᠯᠵᠦ | ᠂ ᠨᠡᠶᠢᠳᠡ 53015 ᠵᠦᠢᠯ ᠤᠨ ᠤᠴᠢᠷ ᠶᠠᠪᠤᠳᠠᠯ ᠢ ᠰᠢᠢᠳᠪᠦᠷᠢᠯᠡᠪᠡ᠃ | | |