| ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ | ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ︽ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ᠃ ︽ᠲᠦᠷᠢᠮ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠪᠠᠶᠢᠭᠤᠯᠤᠯ ᠪᠠ ᠠᠵᠢᠯ ᠤᠨ ᠲᠤᠰᠢᠶᠠᠯ | ᠬᠠᠷᠢᠭᠤᠴᠠᠯᠭ᠎ᠠ᠂ ᠠᠭᠤᠯᠭ᠎ᠠ᠂ ᠭᠤᠣᠯ ᠬᠡᠯᠪᠡᠷᠢ᠂ ᠪᠠᠲᠤᠯᠠᠭ᠎ᠠ ᠪᠠ ᠬᠢᠨᠠᠯᠲᠠ ᠵᠡᠷᠭᠡ ᠳᠤ ᠪᠦᠬᠦ ᠲᠠᠯ᠎ᠠ ᠶᠢᠨ ᠵᠢᠷᠤᠮᠵᠢᠯ | ᠭᠠᠷᠭᠠᠪᠠ᠂ ᠡᠨᠡ ᠪᠣᠯ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠶᠢᠨ ᠦᠨᠳᠦᠰᠦᠨ | ᠵᠢᠷᠤᠮᠯᠠᠯ ᠮᠥᠨ᠃ ︽ᠲᠦᠷᠢᠮ︾ ᠢ ᠲᠣᠭᠲᠠᠭᠠᠵᠤ ᠬᠡᠷᠡᠭᠵᠢᠭᠦᠯᠦᠭᠰᠡᠨ ᠨᠢ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠶᠢ ᠠᠬᠢᠭᠤᠯᠬᠤ᠂ ᠪᠥᠬᠦ ᠨᠠᠮ | ᠪᠥᠬᠦ ᠨᠡᠶᠢᠭᠡᠮ ᠢᠶᠠᠷ ᠢᠶᠠᠨ ᠨᠠᠮ ᠤᠨ ᠲᠡᠦᠬᠡ ᠶᠢ ᠰᠠᠶᠢᠲᠤᠷ ᠰᠤᠷᠤᠯᠴᠠᠬᠤ ᠪᠠ ᠨᠠᠮ ᠤᠨ ᠲᠡᠦᠬᠡ ᠶᠢ ᠰᠠᠶᠢᠲᠤᠷ | ᠬᠡᠷᠡᠭᠯᠡᠬᠦ᠂ ᠨᠠᠮ ᠤᠨ ᠲᠡᠦᠬᠡ ᠠᠴᠠ ᠣᠶᠤᠨ ᠤᠬᠠᠭᠠᠨ ᠪᠠ ᠬᠦᠴᠦᠨ ᠴᠢᠳᠠᠯ ᠰᠢᠩᠭᠡᠭᠡᠨ ᠠᠪᠬᠤ ᠶᠢ ᠠᠬᠢᠭᠤᠯᠬᠤ᠂ | ᠲᠡᠦᠬᠡ ᠰᠤᠷᠤᠯᠴᠠᠨ ᠶᠣᠰᠣ ᠤᠴᠢᠷ ᠢ ᠮᠡᠳᠡᠬᠦ᠂ ᠲᠡᠦᠬᠡ ᠰᠤᠷᠤᠯᠴᠠᠨ ᠢᠲᠡᠭᠡᠯ ᠢᠶᠠᠨ ᠨᠡᠮᠡᠭᠳᠡᠭᠦᠯᠬᠦ᠂ ᠲᠡᠦᠬᠡ | ᠰᠤᠷᠤᠯᠴᠠᠨ ᠶᠣᠰᠣ ᠮᠣᠷᠠᠯ ᠢ ᠡᠷᠬᠢᠮᠯᠡᠬᠦ᠂ ᠲᠡᠦᠬᠡ ᠰᠤᠷᠤᠯᠴᠠᠵᠤ ᠬᠦᠴᠦᠯᠡᠨ ᠬᠢᠬᠦ ᠶᠢ ᠪᠡᠶᠡᠯᠡᠭᠦᠯᠬᠦ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ | ᠨᠠᠮ ᠤᠨ ᠲᠡᠦᠬᠡ ᠪᠣᠯ ᠬᠠᠮᠤᠭ ᠤᠨ ᠠᠮᠢᠳᠤᠯᠢᠭ᠂ ᠬᠠᠮᠤᠭ ᠤᠨ ᠢᠲᠡᠭᠡᠭᠦᠯᠬᠦ ᠬᠦᠴᠦᠨ ᠲᠠᠢ ᠰᠤᠷᠬᠤ ᠪᠢᠴᠢᠭ | ᠮᠥᠨ᠃ ᠮᠠᠨ ᠤ ᠨᠠᠮ ᠲᠡᠦᠬᠡᠨ ᠠᠴᠠ ᠠᠪᠤᠭᠠᠳ ᠨᠠᠮ ᠤᠨ ᠲᠡᠦᠬᠡ ᠶᠢᠨ ᠲᠤᠬᠠᠢ ᠰᠤᠷᠤᠯᠴᠠᠯᠭ᠎ᠠ ᠬᠥᠮᠦᠵᠢᠯ ᠢ | ᠴᠢᠬᠤᠯᠠᠴᠢᠯᠠᠵᠤ᠂ ᠨᠠᠮ ᠤᠨ ᠲᠡᠮᠡᠴᠡᠯ ᠤᠨ ᠥᠩᠭᠡᠷᠡᠯᠲᠡ ᠪᠠ ᠠᠭᠤᠤ ᠶᠡᠭᠡ ᠠᠮᠵᠢᠯᠲᠠ ᠪᠦᠲᠦᠮᠵᠢ ᠪᠠᠷ ᠲᠡᠮᠡᠴᠡᠯ ᠤᠨ | ᠵᠣᠷᠢᠭ ᠢ ᠬᠥᠪᠴᠢᠯᠡᠨ ᠴᠢᠭᠯᠡᠯ ᠢ ᠵᠢᠯᠣᠭᠤᠳᠬᠤ ᠶᠢ ᠴᠢᠬᠤᠯᠠᠴᠢᠯᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ | ᠰᠢᠯᠢᠳᠡᠭ ᠰᠤᠷᠲᠠᠯ ᠢᠶᠠᠷ ᠢᠲᠡᠭᠡᠯ ᠵᠣᠷᠢᠭ ᠢᠶᠠᠨ ᠪᠠᠲᠤᠳᠬᠠᠨ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠨᠠᠮ ᠤᠨ | ᠲᠡᠦᠬᠡᠨ ᠲᠤᠷᠰᠢᠯᠭ᠎ᠠ ᠪᠠ ᠦᠢᠯᠡᠳᠦᠯᠭᠡ ᠶᠢᠨ ᠡᠭᠦᠳᠦᠨ ᠪᠦᠲᠦᠭᠡᠯᠲᠡ ᠪᠠᠷ ᠤᠶᠤᠨ ᠤᠬᠠᠭᠠᠨ ᠢᠶᠠᠨ ᠰᠡᠩᠬᠡᠷᠡᠭᠦᠯᠵᠦ | ᠵᠠᠩ ᠰᠤᠷᠲᠠᠯ ᠢᠶᠠᠨ ᠬᠠᠲᠠᠭᠤᠵᠢᠭᠤᠯᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ | ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠨᠠᠮ ᠤᠨ ᠲᠡᠦᠬᠡ ᠶᠢ ᠰᠤᠷᠤᠯᠴᠠᠬᠤ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠠ ᠵᠠᠭᠤᠨ ᠵᠢᠯ ᠤᠨ ᠨᠠᠮ ᠤᠨ ᠲᠡᠦᠬᠡ ᠶᠢᠨ ᠰᠢᠨ᠎ᠡ ᠡᠬᠢᠯᠡᠯᠲᠡ ᠳᠤ | ᠰᠠᠭᠤᠷᠢᠯᠠᠨ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠬᠤ ᠠᠴᠠ ᠭᠠᠷᠳᠠᠵᠤ᠂ ᠪᠥᠬᠦ | ᠨᠠᠮ ᠳᠤ ᠨᠠᠮ ᠤᠨ ᠲᠡᠦᠬᠡ ᠶᠢᠨ ᠲᠤᠬᠠᠶ ᠰᠤᠷᠤᠯᠴᠠᠯᠭ᠎ᠠ ᠬᠥᠮᠦᠵᠢᠯ ᠢ ᠥᠷᠨᠢᠭᠦᠯᠦᠨ᠂ ᠥᠷᠭᠡᠨ ᠣᠯᠠᠨ ᠨᠠᠮ ᠤᠨ | ᠭᠡᠰᠢᠭᠦᠨ ᠺᠠᠳ᠋ᠷᠴᠤᠳ ᠨᠢᠭᠡ ᠤᠳᠠᠭᠠᠨ ᠤ ᠪᠥᠬᠦ ᠲᠠᠯ᠎ᠠ ᠶᠢᠨ ᠪᠥᠭᠡᠳ ᠭᠦᠨ ᠭᠦᠨᠵᠡᠭᠡᠶ ᠤᠯᠤᠰ ᠲᠥᠷᠥ ᠶᠢᠨ | ᠬᠥᠮᠦᠵᠢᠯ᠂ ᠦᠵᠡᠯ ᠰᠠᠨᠠᠭᠠᠨ ᠤ ᠳᠠᠪᠲᠠᠯᠲᠠ᠂ ᠣᠶᠤᠨ ᠰᠠᠨᠠᠭᠠᠨ ᠤ ᠳᠠᠪᠲᠠᠯᠲᠠ ᠶᠢ ᠭᠥᠷᠳᠡᠵᠦ᠂ ᠪᠥᠬᠦ ᠨᠠᠮ ᠤᠨ | ᠲᠡᠦᠬᠡ ᠶᠢᠨ ᠤᠬᠠᠮᠰᠠᠷ᠂ ᠲᠡᠦᠬᠡ ᠶᠢᠨ ᠢᠲᠡᠭᠡᠯ ᠶᠡᠭᠡ ᠪᠠᠷ ᠨᠡᠮᠡᠭᠳᠡᠨ᠂ ᠨᠠᠮ ᠤᠨ ᠪᠦᠲᠦᠭᠡᠯᠴᠢ ᠬᠦᠴᠦᠨ᠂ | ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠶᠡᠭᠡ ᠪᠠᠷ ᠳᠡᠭᠡᠭᠰᠢᠯᠡᠪᠡ᠃ ︽ᠲᠦᠷᠢᠮ︾ ᠢ ᠲᠣᠭᠲᠠᠭᠠᠭᠰᠠᠨ ᠨᠢ | ᠨᠠᠮ ᠤᠨ ᠲᠥᠪ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠬᠠᠶ ᠰᠢᠨ᠎ᠡ | ᠵᠣᠷᠢᠭ ᠰᠠᠨᠠᠭ᠎ᠠ ᠰᠢᠨ᠎ᠡ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠰᠢᠨ᠎ᠡ ᠲᠤᠷᠰᠢᠯᠭ᠎ᠠ ᠰᠢᠨ᠎ᠡ ᠦᠷ᠎ᠡ ᠪᠦᠲᠦᠭᠡᠯ ᠢ ᠳ᠋ᠦᠩᠨᠡᠨ ᠰᠢᠩᠭᠡᠭᠡᠵᠦ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠳᠤ ᠬᠦᠴᠦᠲᠡᠶ ᠲᠦᠷᠢᠮ ᠤᠨ ᠪᠠᠲᠤᠯᠠᠭ᠎ᠠ ᠬᠠᠩᠭᠠᠪᠠ᠃ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ ᠶᠢ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠲᠤᠤᠱᠯᠠᠭᠤᠯᠬᠤ ᠬᠡᠷᠡᠭᠲᠡᠢ᠃ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠨᠠᠮ ᠳᠤ ᠪᠥᠷᠬᠦᠭᠦᠯᠬᠦ ᠪᠠ ᠨᠡᠶᠢᠭᠡᠮ ᠳᠤ | ᠬᠠᠨᠳᠤᠭᠤᠯᠬᠤ ᠶᠢ ᠬᠠᠷᠢᠯᠴᠠᠨ ᠨᠡᠪᠲᠡᠷᠡᠯᠴᠡᠭᠦᠯᠭᠦ ᠶᠢ ᠪᠠᠷᠢᠮᠲᠠᠯᠠᠬᠤ ᠬᠡᠷᠡᠭᠲᠡᠶ᠃ ᠤᠨᠤᠯ ᠢᠶᠠᠷ ᠵᠡᠪᠰᠡᠭᠯᠡᠬᠦ ᠶᠢ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠥᠷᠨᠢᠭᠦᠯᠬᠦ ᠲᠠᠢ | ᠤᠶᠠᠯᠳᠤᠭᠤᠯᠬᠤ ᠶᠢ ᠪᠠᠷᠢᠮᠳᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ | ᠲᠡᠦᠬᠡ ᠶᠢᠨ ᠦᠨᠳᠦᠰᠦᠨ ᠠᠭᠤᠯᠭ᠎ᠠ ᠪᠣᠯᠤᠨ ᠡᠷᠬᠢᠮ ᠨᠠᠨᠳᠢᠨ ᠲᠡᠦᠬᠡ ᠶᠢᠨ ᠲᠤᠷᠰᠢᠯᠭ᠎ᠠ ᠶᠢ ᠰᠤᠷᠤᠯᠴᠠᠵᠤ᠂ ᠠᠭᠤᠤ | ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠥᠪ ᠣᠨᠣᠪᠴᠢᠲᠠᠢ ᠨᠠᠮ ᠤᠨ ᠲᠡᠦᠬᠡ ᠶᠢᠨ | ᠦᠵᠡᠯᠲᠡ ᠶᠢ ᠪᠤᠢ ᠪᠣᠯᠭᠠᠬᠤ ᠬᠡᠷᠡᠭᠲᠡᠢ᠃ ᠲᠦᠷᠢᠮ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ | ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠨᠠᠮ ᠤᠨ ᠭᠡᠰᠢᠭᠦᠨ ᠤ ᠥᠪᠡᠷ ᠢᠶᠠᠨ ᠰᠤᠷᠤᠯᠴᠠᠬᠤ ᠪᠠ ᠵᠣᠬᠢᠶᠠᠨ | ᠪᠠᠶᠢᠭᠤᠯᠤᠨ ᠰᠤᠷᠤᠯᠴᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠱᠠᠲᠤᠨ ᠤ ᠨᠠᠮ ᠤᠨ ᠰᠤᠷᠭᠠᠭᠤᠯᠢ ︵ | ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷᠴᠤᠳ ᠤᠨ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ | ᠳᠡᠭᠡᠳᠦ ᠰᠤᠷᠭᠠᠭᠤᠯᠢ ᠶᠢᠨ ᠨᠠᠮ ᠤᠨ ᠲᠡᠦᠬᠡ ᠶᠢᠨ ᠬᠢᠴᠢᠶᠡᠯ ᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠠᠷᠭ᠎ᠠ ᠵᠠᠮ᠂ ᠬᠤᠪᠢᠰᠬᠠᠯ ᠤᠨ ᠡᠬᠢ ᠪᠠᠶᠠᠯᠢᠭ᠂ ᠵᠠᠭᠤᠴᠢᠯᠠᠭᠤᠷ ᠤᠨ | ᠤᠬᠠᠭᠤᠯᠭ᠎ᠠ ᠪᠠ ᠦᠨᠳᠦᠰᠦᠨ ᠱᠠᠲᠤᠨ ᠤ ᠤᠬᠠᠭᠤᠯᠭ᠎ᠠ ᠲᠠᠶᠢᠯᠪᠤᠷᠢᠯᠠᠯᠲᠠ ᠵᠡᠷᠭᠡ ᠬᠡᠯᠪᠡᠷᠢ ᠶᠢ ᠰᠠᠶᠢᠲᠤᠷ ᠬᠡᠷᠡᠭᠯᠡᠵᠦ᠂ | ᠰᠢᠨᠵᠢᠯᠡᠬᠦ ᠤᠬᠠᠭᠠᠨ ᠤ ᠰᠤᠳᠤᠯᠭᠠᠨ᠂ ᠰᠢᠨᠵᠢᠯᠡᠭᠡᠨ ᠤ ᠰᠠᠯᠠᠭ᠎ᠠ᠂ ᠴᠢᠳᠠᠪᠤᠷᠢᠲᠠᠨ᠂ ᠰᠠᠬᠢᠯᠭ᠎ᠠ ᠪᠠᠲᠤ᠂ ᠵᠠᠷᠤᠳᠠᠯ | ᠵᠡᠷᠭᠡ ᠪᠠᠲᠤᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠰᠢᠰᠲ᠋ᠧᠮᠲᠦ ᠴᠢᠨᠠᠷ᠂ ᠬᠠᠨᠳᠤᠯᠭᠠᠳᠤ ᠴᠢᠨᠠᠷ᠂ ᠪᠦᠳᠦᠮᠵᠢᠳᠦ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ᠃ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠲᠡᠦᠬᠡ ᠶᠢᠨ ᠦᠭᠡᠶᠢᠰᠬᠡᠬᠦ ᠦᠵᠡᠯ ᠵᠡᠷᠭᠡ ᠪᠤᠷᠤᠭᠤ ᠦᠵᠡᠯ ᠰᠠᠨᠠᠭᠠᠨ ᠤ ᠤᠷᠤᠰᠬᠠᠯ ᠪᠠ ᠦᠵᠡᠯᠲᠡ ᠶᠢ ᠡᠷᠡᠰ | ᠡᠰᠡᠷᠭᠦᠴᠡᠭᠦ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ︽ᠳᠣᠣᠷᠠᠳᠤ | ᠲᠡᠰ ᠤᠨ ᠤᠯᠠᠭᠠᠨ︾᠂ ︽ᠲᠡᠭᠡᠲᠦ ᠲᠡᠰ ᠤᠨ ᠬᠠᠷ᠎ᠠ︾ ᠶᠢ ᠰᠡᠷᠭᠡᠶᠢᠯᠡᠬᠦ ᠬᠡᠷᠡᠭᠲᠡᠶ᠃ | ︽ᠲᠦᠷᠢᠮ ᠢ ᠪᠣᠯ ᠵᠢᠷᠤᠮᠯᠠᠬᠤ ᠪᠠ ᠬᠡᠷᠡᠭᠵᠢᠭᠦᠯᠬᠦ ᠳᠤ ᠬᠡᠷᠡᠭᠯᠡᠳᠡᠭ︾᠃ ᠡᠯ᠎ᠡ ᠱᠠᠲᠤᠨ ᠤ ᠨᠠᠮ ᠤᠨ ᠬᠤᠷᠢᠶ᠎ᠠ | ︵ᠨᠠᠮ ᠤᠨ ᠤᠳᠤᠷᠢᠳᠬᠤ ᠳᠤᠭᠤᠶᠢᠯᠠᠩ︶ ︽ᠲᠦᠷᠢᠮ︾ ᠢ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠭᠡᠵᠦ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠴᠢᠩᠭᠠᠳᠬᠠᠵᠤ᠂ ︽ᠲᠦᠷᠢᠮ︾ ᠤᠨ ᠡᠯ᠎ᠡ ᠵᠦᠢᠯ ᠤᠨ ᠲᠣᠭᠲᠠᠭᠠᠯ ᠢ ᠪᠣᠳᠠᠲᠠᠶ ᠳᠤ | ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠭᠤᠳ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠵᠦ᠂ ︽ | ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠬᠡᠯᠪᠡᠷᠢ ᠪᠠᠷ ᠳᠠᠮᠵᠢᠭᠤᠯᠤᠨ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ | ᠪᠠᠶᠢᠩᠭᠤ ᠠᠳᠬᠤᠬᠤ ᠬᠡᠷᠡᠭᠲᠡᠢ᠃ ᠤᠳᠤᠷᠢᠳᠬᠤ ᠺᠠᠳ᠋ᠷᠴᠤᠳ ᠤᠷᠢᠳ ᠢᠶᠠᠷ ᠰᠤᠷᠤᠯᠴᠠᠵᠤ᠂ ᠦᠯᠢᠭᠡᠷ ᠳᠠᠭᠤᠷᠢᠶᠠᠯ | ᠪᠤᠯᠵᠤ᠂ ᠨᠠᠮ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠷ ᠨᠠᠮ ᠤᠨ ᠲᠡᠦᠬᠡ ᠶᠢ ᠰᠤᠷᠤᠯᠴᠠᠵᠤ᠂ ᠠᠵᠢᠯ | ᠦᠢᠯᠡᠰ ᠲᠤ ᠴᠢᠩᠭ᠎ᠠ ᠬᠠᠷᠢᠭᠤᠴᠠᠯᠭ᠎ᠠ ᠶᠢ ᠡᠪᠦᠷᠯᠡᠨ ᠨᠠᠮ ᠤᠨ ᠲᠡᠦᠬᠡ ᠶᠢ ᠬᠡᠷᠡᠭᠯᠡᠵᠦ᠂ ᠨᠢᠭᠡ ᠱᠠᠳᠤ ᠨᠢ ᠨᠢᠭᠡ | ᠱᠠᠳᠤ ᠪᠠᠨ ᠳᠠᠭᠠᠭᠤᠯᠵᠤ᠂ ᠪᠦᠬᠦ ᠨᠠᠮ ᠢᠶᠠᠷ ᠢᠶᠠᠨ ᠬᠠᠮᠲᠤ ᠪᠠᠷ ᠰᠤᠷᠤᠯᠴᠠᠬᠤ ᠰᠠᠶᠢᠨ ᠰᠠᠶᠢᠬᠠᠨ ᠪᠠᠶᠢᠳᠠᠯ ᠢ ᠪᠤᠢ | ᠪᠣᠯᠭᠠᠬᠤ ᠬᠡᠷᠡᠭᠲᠡᠢ᠃ ᠲᠡᠦᠬᠡ ᠪᠠᠷ ᠲᠤᠯᠢ ᠪᠣᠯᠭᠠᠪᠠᠯ ᠰᠠᠶ᠋ᠢ ᠢᠷᠡᠭᠡᠳᠦᠢ ᠶᠢ ᠨᠡᠭᠡᠭᠡᠵᠦ ᠴᠢᠳᠠᠨ᠎ᠠ᠃ | ᠨᠠᠮ ᠤᠨ ᠲᠡᠦᠬᠡ ᠶᠢ ᠰᠤᠷᠤᠯᠴᠠᠬᠤ ᠪᠣᠯ ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ | ᠪᠠᠷᠢᠮᠲᠠᠯᠠᠨ ᠬᠥᠭᠵᠢᠭᠦᠯᠵᠦ᠂ ᠨᠠᠮ ᠪᠠ ᠤᠯᠤᠰ ᠤᠨ ᠠᠵᠢᠯ ᠦᠢᠯᠡᠰ ᠢ ᠦᠷᠭᠦᠯᠵᠢᠯᠡᠨ ᠲᠦᠯᠬᠢᠨ | ᠤᠷᠤᠭᠰᠢᠯᠠᠭᠤᠯᠬᠤ ᠶᠢᠨ ᠵᠠᠪᠠᠯ ᠰᠤᠷᠬᠤ ᠬᠢᠴᠢᠶᠡᠯ ᠮᠥᠨ᠂ ᠡᠨᠡ ᠬᠦ ᠬᠢᠴᠢᠶᠡᠯ ᠢ ᠵᠠᠪᠠᠯ ᠰᠤᠷᠬᠤ ᠪᠠᠷ ᠪᠠᠷᠠᠬᠤ ᠦᠭᠡᠢ | ᠵᠠᠪᠠᠯ ᠰᠠᠶᠢᠲᠤᠷ ᠰᠤᠷᠬᠤ ᠬᠡᠷᠡᠭᠲᠡᠢ᠃ ᠪᠢᠳᠠ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠭᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ | ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ | ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠳᠦᠷᠢᠮ︾ ᠢ ᠬᠡᠷᠡᠭᠵᠢᠭᠦᠯᠬᠦ ᠪᠠᠷ | ᠠᠵᠠ ᠲᠣᠬᠢᠶᠠᠯ ᠪᠤᠯᠭᠠᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ | ᠲᠡᠦᠬᠡ ᠶᠢᠨ ᠲᠤᠷᠰᠢᠯᠭ᠎ᠠ ᠪᠠᠷ ᠣᠶᠤᠨ ᠤᠬᠠᠭᠠᠨ ᠢᠶᠠᠨ ᠨᠡᠩ ᠰᠠᠶᠢᠳᠤᠷ ᠨᠡᠮᠡᠭᠳᠡᠭᠦᠯᠵᠦ᠂ ᠪᠦᠯᠬᠦᠮᠳᠡᠯ ᠢᠶᠠᠨ | ᠴᠢᠩᠭᠠᠳᠬᠠᠵᠤ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠲᠡᠮᠡᠴᠡᠯ ᠤᠨ ᠵᠣᠷᠢᠭ ᠢᠶᠠᠨ ᠨᠡᠮᠡᠭᠳᠡᠭᠦᠯᠵᠦ᠂ ᠨᠠᠮ ᠤᠨ | ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠠᠩ ᠪᠠᠲᠤ ᠴᠡᠭᠡᠵᠢᠯᠡᠵᠦ᠂ ᠬᠥᠭᠵᠢᠯᠲᠡ ᠶᠢᠨ ᠰᠢᠨ᠎ᠡ ᠪᠠᠶᠢᠳᠠᠯ ᠢ | ᠡᠭᠦᠳᠴᠦ᠂ ᠰᠢᠨ᠎ᠡ ᠰᠢᠯᠭᠠᠯᠲᠠ ᠳᠤ ᠣᠷᠣᠯᠴᠠᠬᠤ ᠵᠠᠮ ᠳᠡᠭᠡᠷ᠎ᠡ ᠰᠠᠶᠢᠨ ᠬᠢᠷᠢ ᠪᠦᠲᠦᠮᠵᠢ ᠤᠯᠬᠤ ᠬᠡᠷᠡᠭᠲᠡᠢ᠃ | |