︽ᠵᠢᠷᠭᠤᠭᠠᠨ ᠦᠭᠦᠯᠡᠪᠦᠷᠢ︾ ᠶᠢᠨ ᠠᠭᠤᠯᠭ᠎ᠠ ᠨᠢ᠄ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ | ᠡᠪ ᠬᠠᠮᠲᠤ ᠨᠠᠮ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠣᠷᠣᠨ | ᠪᠣᠯᠣᠨ᠎ᠠ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ︔ ᠥᠪᠥᠷ ᠮᠣᠩᠭᠤᠯ | ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠪᠠᠷ ᠬᠥᠭᠵᠢᠵᠦ ᠢᠷᠡᠭᠰᠡᠨ ᠶᠤᠮ︔ ᠥᠪᠥᠷ ᠮᠣᠩᠭᠤᠯ ᠤᠨ ᠠᠵᠢᠯ | ᠳᠤᠮᠳᠠ ᠭᠠᠷᠤᠭᠰᠠᠨ ᠬᠦᠨᠳᠦ ᠶᠡᠭᠡ ᠡ᠊ᠨᠳᠡᠭᠦᠦ ᠪᠤᠷᠤᠭᠤ ᠶᠢ ᠴᠥᠮ ᠨᠠᠮ ᠤᠨ ᠲᠥᠪ ᠬᠤᠷᠢᠶ᠎ᠠ ᠬᠠᠪᠰᠤᠷᠤᠨ | ᠵᠠᠯᠠᠷᠠᠭᠤᠯᠤᠭᠰᠠᠨ ᠶᠤᠮ︔ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠶᠢ ᠪᠣᠯ | ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ︔ | ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠨᠢ ᠨᠠᠮ ᠤᠨ ᠦᠭᠡ ᠶᠢ ᠰᠣᠨᠣᠰᠬᠤ | ᠲᠠᠯ᠎ᠠ ᠪᠠᠷ ᠵᠢᠱᠢᠶᠡᠴᠢ ᠪᠣᠯᠤᠭᠰᠠᠨ ᠠᠴᠠ ᠶᠤᠮ᠃ | | ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠬᠠᠮᠤᠭ ᠡᠷᠲᠡ | ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ | 1921 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠢ ᠲᠤᠩᠬᠠᠭᠯᠠᠵᠤ᠂ | ᠳᠤᠮᠳᠠᠳᠤ ᠤᠯᠤᠰ ᠤᠨ ᠲᠡᠦᠬᠡ ᠴᠣ᠋ ᠰᠢᠨ᠎ᠡ ᠬᠠᠭᠤᠳᠠᠰᠤ ᠶᠢ ᠰᠡᠬᠦᠵᠦ᠂ ᠭᠠᠰᠠᠯᠠᠩ ᠵᠣᠪᠠᠯᠠᠩ ᠳᠤ ᠤᠴᠠᠷᠠᠭᠰᠠᠨ | ᠥᠪᠥᠷ ᠮᠣᠩᠭᠤᠯ ᠤᠨ ᠠᠷᠠᠳ ᠲᠦᠮᠡᠨ ᠪᠦᠬᠦ ᠤᠯᠤᠰ ᠤᠨ ᠠᠷᠠᠳ ᠲᠦᠮᠡᠨ ᠲᠠᠢ ᠠᠳᠠᠯᠢ ᠪᠠᠷ᠂ ᠡᠭᠦᠨ ᠠᠴᠠ | ᠡᠬᠢᠯᠡᠨ ᠬᠠᠮᠤᠭ ᠤᠨ ᠲᠡᠷᠢᠭᠦᠨ ᠤ ᠬᠠᠮᠤᠭ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠲᠠᠢ ᠪᠣᠯᠵᠠᠢ᠃ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠨᠠᠮ ᠤᠨ ᠤᠮᠠᠷᠠᠲᠤ | ᠣᠷᠣᠨ ᠳᠠᠬᠢ ᠠᠵᠢᠯ ᠢ ᠬᠠᠷᠢᠭᠤᠴᠠᠵᠤ ᠪᠠᠶᠢᠭᠰᠠᠨ ᠬᠤᠪᠢᠰᠬᠠᠯ ᠤᠨ ᠬᠤᠰᠢᠭᠤᠴᠢ ᠯᠢ ᠳ᠋ᠡ ᠵᠤᠤ ᠨᠥᠬᠦᠷ ᠳᠠᠷᠤᠢ | ᠮᠣᠩᠭᠤᠯ ᠦᠨᠳᠦᠰᠦᠲᠡᠨ ᠤ ᠤᠯᠠᠨ ᠲᠦᠮᠡᠨ ᠤ ᠳᠤᠮᠳᠠ ᠮᠠᠷᠺᠰ ᠤᠨ ᠦᠵᠡᠯ ᠢ ᠤᠯᠠᠮᠵᠢᠯᠠᠬᠤ᠂ ᠡᠪ ᠬᠠᠮᠲᠤ | ᠶᠣᠰᠣᠨ ᠤ ᠲᠡᠷᠢᠭᠦᠨ ᠤ ᠬᠥᠮᠥᠰ ᠢ ᠬᠥᠮᠥᠵᠢᠭᠦᠯᠬᠦ ᠠᠵᠢᠯ ᠢ ᠰᠢᠭᠤᠳ ᠤᠳᠤᠷᠢᠳᠬᠤ ᠪᠠ ᠲᠡᠭᠦᠨ ᠳᠤ ᠣᠷᠣᠯᠴᠠᠵᠤ᠂ | ᠬᠠᠨ ᠯᠢᠨ ᠹᠦ᠋᠂ ᠷᠦᠩ ᠶᠣᠣ ᠰᠢᠶᠠᠨ᠂ ᠳ᠋ᠦᠸᠧ ᠰᠦᠩ ᠨᠢᠶᠠᠨ᠂ ᠤᠯᠠᠭᠠᠨᠬᠦᠦ ᠵᠡᠷᠭᠡ ᠨᠢᠭᠡ ᠪᠦᠯᠦᠭ ᠥᠪᠥᠷ | ᠮᠣᠩᠭᠤᠯ ᠨᠤᠲᠤᠭ ᠲᠠᠢ ᠡᠪ ᠬᠠᠮᠲᠤᠴᠤᠳ ᠢ ᠬᠥᠭᠵᠢᠭᠦᠯᠵᠡᠢ᠃ 1925 ᠣᠨ ᠳᠤ ᠨᠠᠮ ᠤᠨ ᠳᠥᠷᠪᠡᠳᠦᠭᠡᠷ ᠶᠡᠭᠡ | ᠬᠤᠷᠠᠯ ᠬᠤᠷᠠᠯᠳᠤᠬᠤ ᠪᠣᠯᠲᠠᠯ᠎ᠠ᠂ ᠪᠦᠬᠦ ᠤᠯᠤᠰ ᠤᠨ ᠨᠠᠮ ᠤᠨ ᠭᠡᠰᠢᠭᠦᠨ ᠤ ᠲᠤᠭ᠎ᠠ ᠵᠦᠪᠬᠡᠨ 994 ᠪᠠᠶᠢᠵᠤ᠂ | ᠥᠪᠥᠷ ᠮᠣᠩᠭᠤᠯ ᠣᠷᠣᠨ ᠤ ᠠᠩᠬᠠᠨ ᠤ ᠪᠦᠯᠦᠭ ᠡᠪ ᠬᠠᠮᠲᠤᠴᠤᠳ ᠲᠡᠭᠦᠨ ᠤ ᠳᠣᠲᠣᠷ᠎ᠠ ᠨᠡᠯᠢᠶᠡᠳ ᠶᠡᠭᠡ | ᠬᠤᠪᠢ ᠶᠢᠨ ᠵᠢᠩ ᠢ ᠡᠵᠡᠯᠡᠵᠦ ᠪᠠᠶᠢᠪᠠ᠃ ᠪᠡᠭᠡᠵᠢᠩ ᠤᠨ ᠮᠣᠩᠭᠤᠯ ᠲᠥᠪᠡᠳ ᠤᠨ ᠰᠤᠷᠭᠠᠭᠤᠯᠢ ᠳᠤ᠂ 1923 | ᠣᠨ ᠳᠤ ᠮᠣᠩᠭᠤᠯ ᠦᠨᠳᠦᠰᠦᠲᠡᠨ ᠤ ᠠᠩᠬᠠᠳᠠᠭᠴᠢ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢ | ᠪᠠᠶᠢᠭᠤᠯᠵᠤ᠂ 1925 ᠣᠨ ᠳᠤ ᠨᠠᠮ ᠤᠨ ᠲᠡᠦᠬᠡᠨ ᠳᠡᠭᠡᠷᠡᠬᠢ ᠠᠩᠬᠠᠳᠠᠭᠴᠢ ᠴᠥᠭᠡᠨ ᠲᠣᠭᠠᠲᠤ ᠦᠨᠳᠦᠰᠦᠲᠡᠨ ᠤ | ᠨᠠᠮ ᠤᠨ ᠭᠡᠰᠢᠭᠦᠨ ᠢᠶᠠᠷ ᠪᠦᠷᠢᠯᠳᠦᠭᠰᠡᠨ ᠨᠠᠮ ᠤᠨ ᠡᠭᠦᠷ ᠢ ᠪᠠᠶᠢᠭᠤᠯᠪᠠ᠃ 1925 ᠣᠨ ᠳᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠮᠠᠷᠠᠲᠤ ᠣᠷᠣᠨ ᠤ ᠨᠠᠮ ᠤᠨ ᠬᠤᠷᠢᠶ᠎ᠠ ᠥᠪᠥᠷ ᠮᠣᠩᠭᠤᠯ ᠣᠷᠣᠨ ᠳᠤ ᠤᠷᠢᠳ | ᠬᠤᠵᠢᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠷᠧᠾᠧ᠂ ᠴᠠᠬᠠᠷ᠂ ᠰᠦᠢᠶᠤᠸᠠᠨ ᠪᠣᠯᠣᠨ ᠪᠤᠭᠤᠲᠤ ᠵᠡᠷᠭᠡ | ᠲᠦᠷᠪᠡᠨ ᠠᠵᠢᠯ ᠤᠨ ᠬᠤᠷᠢᠶ᠎ᠠ ᠶᠢ ᠪᠠᠶᠢᠭᠤᠯᠪᠠ᠃ ᠪᠤᠰᠤᠳ ᠴᠥᠭᠡᠨ ᠲᠣᠭᠠᠲᠤ ᠦᠨᠳᠦᠰᠦᠲᠡᠨ ᠤ ᠭᠠᠵᠠᠷ | ᠣᠷᠣᠨ ᠲᠠᠢ ᠬᠠᠷᠢᠴᠠᠭᠤᠯᠪᠠᠯ ᠪᠦᠷ ᠡᠷᠲᠡ ᠪᠠᠶᠢᠵᠤ᠂ ᠭᠤᠸᠠᠩᠰᠢ ᠶᠢᠨ ᠬᠠᠮᠤᠭ ᠡᠷᠲᠡᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠬᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠵᠧᠦ ᠶᠢᠨ ᠨᠠᠮ ᠤᠨ ᠡᠭᠦᠷ 1925 | ᠣᠨ ᠤ 10 ᠰᠠᠷ᠎ᠠ ᠳᠤ ᠪᠠᠶᠢᠭᠤᠯᠤᠭᠳᠠᠵᠤ᠂ ᠨᠢᠩᠰᠢᠶᠠ ᠶᠢᠨ ᠬᠠᠮᠤᠭ ᠡᠷᠲᠡᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠣᠨᠴᠠᠭᠠᠶ ᠡᠭᠦᠷ 1926 ᠣᠨ ᠤ ᠡᠪᠦᠯ ᠪᠠᠶᠢᠭᠤᠯᠤᠭᠳᠠᠵᠤ᠂ ᠰᠢᠨᠵᠢᠶᠠᠩ ᠤᠨ ᠬᠠᠮᠤᠭ | ᠡᠷᠲᠡᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠬᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨᠵᠢᠶᠠᠩ ᠤᠨ | ᠬᠤᠪᠢᠶᠠᠷᠢ ᠲᠣᠪᠴᠢᠶ᠎ᠠ 1949 ᠣᠨ ᠤ 11 ᠰᠠᠷ᠎ᠠ ᠳᠤ ᠪᠠᠶᠢᠭᠤᠯᠤᠭᠳᠠᠵᠤ᠂ ᠲᠥᠪᠡᠳ ᠤᠨ ᠬᠠᠮᠤᠭ ᠡᠷᠲᠡᠨ ᠤ | ᠨᠠᠮ ᠤᠨ ᠵᠣᠬᠢᠶᠠᠨ ᠪᠠᠶᠢᠭᠤᠯᠤᠯᠲᠠ 1959 ᠣᠨ ᠤ 12 ᠰᠠᠷ᠎ᠠ ᠳᠤ ᠪᠠᠶᠢᠭᠤᠯᠤᠭᠳᠠᠪᠠ᠃ | ᠲᠦᠷᠪᠡᠨ ᠠᠵᠢᠯ ᠤᠨ ᠵᠦᠪᠯᠡᠯ ᠪᠠᠶᠢᠭᠤᠯᠤᠭᠳᠠᠭᠰᠠᠨ ᠠᠴᠠ ᠡᠬᠢᠯᠡᠨ᠂ ᠥᠪᠥᠷ ᠮᠣᠩᠭᠤᠯ ᠣᠷᠣᠨ ᠤ ᠨᠠᠮ ᠤᠨ | ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ ᠤᠷᠳᠤ ᠤᠳᠠᠭᠠᠨ ᠬᠤᠪᠢᠰᠬᠠᠯᠲᠤ ᠲᠠᠶᠢᠨ ᠤ ᠦᠶ᠎ᠡ ᠶᠢᠨ ᠬᠦᠨᠳᠦ | ᠬᠡᠴᠡᠭᠦᠦ ᠣᠷᠴᠢᠨ ᠲᠣᠭᠤᠷᠢᠨ ᠳᠤ ᠠᠳᠠᠷ ᠬᠡᠬᠡᠷ᠎ᠡ ᠶᠢᠨ ᠬᠠᠪᠤᠷ ᠤᠨ ᠡᠪᠡᠰᠦ ᠰᠢᠭ ᠦᠶ᠎ᠡ ᠤᠯᠠᠷᠢᠨ ᠣᠷᠣᠰᠢᠨ | ᠲᠣᠭᠲᠠᠨᠢᠵᠤ ᠪᠠᠶᠢᠪᠠ᠃ ᠥᠪᠥᠷ ᠮᠣᠩᠭᠤᠯ ᠤᠨ ᠠᠩᠬᠠᠨ ᠤ ᠪᠦᠯᠦᠭ ᠡᠪ ᠬᠠᠮᠲᠤᠴᠤᠳ ᠪᠤᠢ ᠪᠣᠯᠤᠭᠰᠠᠨ ᠪᠠ | ᠮᠣᠩᠭᠤᠯ ᠲᠥᠪᠡᠳ ᠤᠨ ᠰᠤᠷᠭᠠᠭᠤᠯᠢ ᠶᠢᠨ ᠨᠠᠮ᠂ ᠡᠪᠯᠡᠯ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ | ᠶᠠᠪᠤᠳᠠᠯ ᠪᠣᠯ ︽ᠡᠮᠦᠨ᠎ᠡ ᠲᠠᠯ᠎ᠠ ᠳᠤ ᠴᠧᠨ ᠣᠪᠣᠭᠲᠤ ᠬᠤᠶᠢᠲᠤ ᠲᠠᠯ᠎ᠠ ᠳᠤ ᠯᠢ ᠣᠪᠣᠭᠲᠤ ᠬᠤᠶᠠᠭᠤᠯᠠ ᠪᠣᠯᠵᠣᠵᠤ | ᠨᠠᠮ ᠪᠠᠶᠢᠭᠤᠯᠤᠭᠰᠠᠨ︾ ᠤ ᠰᠢᠭᠤᠳ ᠦᠷ᠎ᠡ ᠪᠦᠲᠦᠭᠡᠯ ᠮᠥᠨ᠂ ᠥᠪᠥᠷ ᠮᠣᠩᠭᠤᠯ ᠣᠷᠣᠨ ᠤ ︽ᠲᠦᠷᠪᠡᠨ | ᠠᠵᠢᠯ ᠤᠨ ᠵᠦᠪᠯᠡᠯ︾ ᠢ ᠪᠠᠶᠢᠭᠤᠯᠤᠭᠰᠠᠨ ᠶᠠᠪᠤᠳᠠᠯ ᠪᠣᠯ ᠨᠠᠮ ᠤᠨ ᠬᠤᠪᠢᠰᠬᠠᠯᠲᠤ ᠨᠢᠭᠡᠳᠦᠮᠡᠯ ᠹᠷᠣᠨᠲ ᠤᠨ ᠠᠷᠭ᠎ᠠ | ᠪᠣᠳᠣᠯᠭ᠎ᠠ ᠶᠢ ᠬᠡᠷᠡᠭᠵᠢᠭᠦᠯᠦᠭᠰᠡᠨ ᠤᠯᠤᠰ ᠲᠦᠷᠦ ᠶᠢᠨ ᠠᠮᠵᠢᠯᠲᠠ ᠮᠥᠨ᠃ ᠨᠠᠮ ᠤᠨ ᠵᠣᠬᠢᠶᠠᠨ ᠪᠠᠶᠢᠭᠤᠯᠤᠯᠲᠠ ᠶᠢ | ᠨᠡᠯᠢᠶᠡᠳ ᠡᠷᠲᠡ ᠪᠠᠶᠢᠭᠤᠯᠵᠤ ᠴᠢᠳᠠᠭᠰᠠᠨ ᠨᠢ ᠨᠠᠮ ᠠᠴᠠ ᠥᠪᠥᠷ ᠮᠣᠩᠭᠤᠯ ᠤᠨ ᠬᠤᠪᠢᠰᠬᠠᠯ ᠤᠨ ᠠᠵᠢᠯ ᠢ | ᠴᠢᠬᠤᠯᠠᠴᠢᠯᠠᠵᠤ ᠪᠠᠶᠢᠭ᠎ᠠ ᠶᠢ ᠬᠠᠷᠠᠭᠤᠯᠵᠤ ᠪᠠᠶᠢᠬᠤ ᠮᠥᠷᠲᠡᠭᠡᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠬᠤᠪᠢᠰᠬᠠᠯ ᠤᠨ ᠤᠬᠠᠮᠰᠠᠷ ᠢ ᠨᠡᠯᠢᠶᠡᠳ ᠡᠷᠲᠡ ᠰᠡᠬᠡᠭᠡᠷᠡᠭᠦᠯᠵᠦ ᠪᠠᠶᠢᠭ᠎ᠠ ᠶᠢ ᠴᠤ ᠬᠠᠷᠠᠭᠤᠯᠵᠤ | ᠪᠠᠶᠢᠨ᠎ᠠ᠃ ᠡᠳᠡᠭᠡᠷ ᠨᠡᠯᠢᠶᠡᠳ ᠡᠷᠲᠡ ᠪᠠᠶᠢᠭᠤᠯᠤᠭᠳᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠨᠢ ᠪᠠᠰᠠ ᠥᠪᠥᠷ | ᠮᠣᠩᠭᠤᠯ ᠣᠷᠣᠨ ᠤ ᠬᠤᠪᠢᠰᠬᠠᠯ ᠤᠨ ᠦᠢᠯᠡᠰ ᠢ ᠠᠬᠢᠭᠤᠯᠬᠤ ᠳᠤ ᠤᠷᠢᠳ ᠢᠶᠠᠷ ᠵᠢᠯᠤᠭᠤᠳᠬᠤ ᠦᠢᠯᠡᠳᠦᠯ | ᠦᠵᠡᠭᠦᠯᠦᠭᠰᠡᠨ ᠪᠠᠶᠢᠨ᠎ᠠ᠃ | |