︽ᠵᠢᠷᠭᠤᠭᠠᠨ ᠦᠭᠦᠯᠡᠪᠦᠷᠢ︾ ᠶᠢᠨ ᠠᠭᠤᠯᠭ᠎ᠠ ᠪᠠ ᠶᠣᠰᠣ ᠤᠴᠢᠷ ᠢ ᠭᠦᠨᠵᠡᠭᠡᠢ ᠣᠶᠢᠯᠠᠭᠠᠬᠤ ᠬᠡᠷᠡᠭᠲᠡᠢ ︵ᠬᠤᠶᠠᠷ︶
ᠨᠡᠶᠢᠲᠡᠯᠡᠭᠰᠡᠨ ᠴᠠᠭ᠄
2024/3/5
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ      ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ      ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ       ᠰᠢ ᠶᠢᠨ ᠫᠢᠩ ᠶᠡᠷᠦᠩᠬᠡᠢ ᠱᠦᠵᠢ᠄ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠦᠨᠳᠦᠰᠦᠲᠡᠨ ᠤ ᠠᠵᠢᠯ ᠤᠨ ᠠᠮᠵᠢᠯᠲᠠ ᠣᠯᠬᠤ ᠶᠢᠨ ᠦᠨᠳᠦᠰᠦᠨ ᠪᠠᠲᠤᠯᠠᠭ᠎ᠠ ᠮᠥᠨ᠂ ᠪᠠᠰᠠ ᠴᠤ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠦᠨᠳᠦᠰᠦᠨ ᠪᠠᠲᠤᠯᠠᠭ᠎ᠠ ᠮᠥᠨ᠂ ᠪᠠᠲᠤ ᠴᠢᠩᠭ᠎ᠠ ᠤᠯᠤᠰ ᠲᠦᠷᠦ ᠶᠢᠨ ᠤᠳᠤᠷᠢᠳᠤᠯᠭ᠎ᠠ ᠦᠭᠡᠢ ᠪᠣᠯ ᠨᠢᠭᠡᠨ ᠤᠯᠠᠨ ᠦᠨᠳᠦᠰᠦᠲᠡᠨ ᠲᠠᠢ ᠤᠯᠤᠰ ᠪᠦᠯᠬᠦᠮᠳᠡᠯ ᠨᠢᠭᠡᠳᠦᠯ ᠢ ᠪᠡᠶᠡᠯᠡᠭᠦᠯᠬᠦ ᠭᠡᠳᠡᠭ ᠪᠣᠯ ᠰᠡᠳᠬᠢᠰᠢ ᠦᠭᠡᠢ ᠬᠡᠷᠡᠭ ᠶᠤᠮ︾ ᠭᠡᠵᠦ ᠭᠦᠨᠵᠡᠭᠡᠢ ᠵᠢᠭᠠᠵᠤ ᠭᠠᠷᠭᠠᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠬᠤ ᠦᠶ᠎ᠡ ᠶᠢᠨ ᠲᠡᠷᠡ ᠬᠡᠰᠡᠭ ᠲᠡᠦᠬᠡ ᠶᠢ ᠡᠷᠭᠢᠴᠡᠭᠦᠯᠪᠡᠯ ᠂ ᠲᠤᠬᠠᠢ ᠶᠢᠨ ᠦᠶ᠎ᠡ ᠶᠢᠨ ᠪᠤᠳᠤᠯᠢᠶᠠᠨᠲᠠᠢ ᠪᠠᠶᠢᠳᠠᠯ ᠳᠣᠣᠷ᠎ᠠ᠂ ᠬᠡᠷᠪᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠭᠤᠳ ᠤᠳᠤᠷᠢᠳᠤᠯᠭ᠎ᠠ᠂ ᠵᠥᠪ ᠣᠨᠣᠪᠴᠢᠲᠠᠶ ᠤᠳᠤᠷᠢᠳᠤᠯᠭ᠎ᠠ ᠪᠠᠶᠢᠭᠰᠠᠨ ᠦᠭᠡᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠵᠤ ᠴᠢᠳᠠᠬᠤ ᠦᠭᠡᠢ ᠶᠤᠮ᠃      ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠬᠤ ᠠᠴᠠ ᠡᠮᠦᠨᠡᠬᠡᠨ᠂ ᠥᠪᠥᠷ ᠮᠣᠩᠭᠤᠯ ᠣᠷᠣᠨ ᠤ ᠪᠠᠶᠢᠳᠠᠯ ᠲᠤᠶᠢᠯ ᠤᠨ ᠨᠠᠷᠢᠨ ᠪᠤᠳᠤᠯᠢᠶᠠᠨᠲᠠᠢ ᠪᠠᠶᠢᠵᠤ᠂ ᠴᠢᠨᠠᠭᠰᠢᠯᠠᠪᠠᠯ ᠳᠤᠮᠳᠠᠳᠤ ᠤᠯᠤᠰ ᠤᠨ ᠨᠤᠲᠤᠭ ᠳᠡᠪᠢᠰᠬᠡᠷ ᠠᠴᠠ ᠬᠠᠭᠠᠴᠠᠨ ᠭᠠᠷᠬᠤ ᠬᠦᠨᠳᠦ ᠨᠣᠴᠢᠲᠠᠢ ᠠᠶᠤᠯ ᠲᠦᠭᠰᠢᠭᠦᠷᠢ ᠳᠤ ᠲᠤᠯᠭᠠᠷᠠᠵᠤ ᠪᠠᠶᠢᠪᠠ᠃ ᠲᠤᠬᠠᠢ ᠶᠢᠨ ᠦᠶ᠎ᠡ ᠳᠤ ᠡᠯ᠎ᠡ ᠵᠦᠢᠯ ᠤᠨ ᠤᠯᠤᠰ ᠲᠦᠷᠦ ᠶᠢᠨ ᠬᠦᠴᠦᠨ ᠥᠪᠥᠷ ᠮᠣᠩᠭᠤᠯ ᠣᠷᠣᠨ ᠳᠤ ᠥᠷᠢᠰᠦᠯᠳᠦᠭᠡᠨ ᠶᠠᠪᠤᠭᠤᠯᠵᠤ᠂ ᠤᠤᠯ ᠤᠨ ᠬᠠᠭᠤᠷᠮᠠᠭ ᠮᠣᠩᠭᠤᠯ ᠤᠨ ᠬᠢᠵᠠᠭᠠᠷ ᠤᠨ ᠵᠠᠰᠠᠭ ᠪᠠ ᠬᠠᠭᠤᠷᠮᠠᠭ ᠮᠠᠨᠵᠤ ᠤᠯᠤᠰ ᠤᠨ ᠡᠯ᠎ᠡ ᠱᠠᠲᠤᠨ ᠤ ᠨᠣᠶᠠᠳ ᠲᠦᠰᠢᠮᠡᠳ᠂ ᠬᠡᠰᠡᠭ ᠮᠣᠩᠭᠤᠯ ᠸᠠᠩ ᠭᠦᠩ ᠢᠵᠠᠭᠤᠷᠲᠠᠨ᠂ ᠭᠤᠮᠢᠨᠳᠠᠩ ᠤᠨ ᠲᠡᠷᠰᠯᠡᠭᠦᠴᠦᠳ ᠲᠤ ᠬᠠᠨᠳᠤᠭᠤᠯᠤᠭᠰᠠᠨ ᠤᠯᠤᠰ ᠲᠦᠷᠦ ᠶᠢᠨ ᠵᠠᠪᠰᠢᠭᠴᠢ ᠡᠲᠡᠭᠡᠳ᠂ ᠪᠤᠭᠤᠲᠤ᠂ ᠬᠦᠢᠰᠦ᠋ᠢ ᠵᠡᠷᠭᠡ ᠭᠠᠵᠠᠷ ᠢ ᠡᠵᠡᠯᠡᠭᠰᠡᠨ ᠭᠤᠮᠢᠨᠳᠠᠩ ᠤᠨ ᠴᠡᠷᠢᠭ ᠪᠠᠶᠢᠪᠠ᠃ ᠡᠯ᠎ᠡ ᠵᠦᠢᠯ ᠤᠨ ᠬᠦᠴᠦᠨ ᠴᠥᠮ ᠥᠪᠡᠷ ᠤᠨ ᠤᠯᠤᠰ ᠲᠦᠷᠦ ᠶᠢᠨ ᠵᠣᠷᠢᠯᠲᠠ ᠪᠠᠨ ᠳᠤᠷᠠᠳᠴᠤ᠂ ᠡᠭᠦᠨ ᠳᠤ ᠴᠥᠭᠡᠨ ᠪᠤᠰᠤ ᠨᠢ ︽ᠥᠪᠥᠷ ᠮᠣᠩᠭᠤᠯ ᠤᠨ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ︾᠂ ︽ᠥᠪᠥᠷ ᠮᠣᠩᠭᠤᠯ ᠤᠨ ᠲᠤᠰᠠᠭᠠᠷ ᠲᠣᠭᠲᠠᠨᠢᠯ︾᠂ ︽ᠳᠣᠲᠣᠭᠠᠳᠤ ᠭᠠᠳᠠᠭᠠᠳᠤ ᠮᠣᠩᠭᠤᠯ ᠢ ᠨᠡᠶᠢᠯᠡᠭᠦᠯᠬᠦ︾ᠵᠡᠷᠭᠡ ᠪᠤᠷᠤᠭᠤ ᠵᠣᠷᠢᠯᠲᠠ ᠲᠠᠢ ᠪᠠᠶᠢᠪᠠ᠃ ᠡᠳᠡᠭᠡᠷ ᠵᠣᠷᠢᠯᠲᠠ ᠨᠢ ᠮᠥᠨ ᠴᠢᠨᠠᠷ ᠳᠡᠭᠡᠷ᠎ᠡ ᠪᠠᠨ ᠥᠪᠥᠷ ᠮᠣᠩᠭᠤᠯ ᠢ ᠬᠡᠰᠡᠭᠯᠡᠨ ᠰᠠᠯᠭᠠᠵᠤ᠂ ᠤᠯᠤᠰ ᠣᠷᠣᠨ ᠢ ᠬᠠᠭᠠᠴᠠᠭᠤᠯᠬᠤ ᠶᠢᠨ ᠲᠥᠯᠥᠭᠡ ᠶᠤᠮ᠃      ᠲᠤᠬᠠᠢ ᠶᠢᠨ ᠦᠶ᠎ᠡ ᠶᠢᠨ ᠪᠠᠶᠢᠳᠠᠯ ᠠᠴᠠ ᠦᠵᠡᠪᠡᠯ᠂ ᠥᠪᠥᠷ ᠮᠣᠩᠭᠤᠯ ᠲᠡᠦᠬᠡ ᠶᠢᠨ ᠲᠣᠨᠣᠯᠵᠢᠨ ᠵᠠᠮ ᠳᠤ ᠬᠦᠷᠴᠡᠢ᠃ ᠢᠷᠡᠭᠡᠳᠦᠢ ᠶᠢᠨ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠴᠠᠭ ᠮᠥᠴᠡ ᠳᠤ᠂ ᠡᠭᠡᠳᠡᠷᠡᠭᠡᠨ ᠪᠤᠳᠤᠯᠢᠶᠠᠨᠲᠠᠢ ᠰᠠᠮᠠᠭᠤᠨ ᠪᠠᠶᠢᠳᠠᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠢ ᠰᠢᠭᠤᠳ ᠤᠳᠤᠷᠢᠳᠤᠭᠰᠠᠨ ᠶᠤᠮ᠃ ᠨᠠᠮ ᠤᠨ ᠲᠥᠪ ᠬᠤᠷᠢᠶ᠎ᠠ ᠴᠠᠴᠠᠷ ᠲᠤ ᠰᠠᠭᠤᠵᠤ ᠰᠢᠢᠳᠪᠦᠷᠢᠲᠦ ᠪᠣᠳᠣᠯᠭ᠎ᠠ ᠲᠣᠭᠲᠠᠭᠠᠨ᠂ ᠱᠠᠨ ᠰᠢ ᠴᠠᠬᠠᠷ ᠾᠧᠪᠧᠢ ᠶᠢᠨ ᠲᠥᠪ ᠤᠨ ᠲᠣᠪᠴᠢᠶ᠎ᠠ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠠᠷᠠᠭᠤᠨ ᠬᠤᠶᠢᠲᠤ ᠶᠢᠨ ᠲᠣᠪᠴᠢᠶ᠎ᠠ᠂ ᠵᠡᠭᠦᠨ ᠬᠤᠶᠢᠲᠤ ᠶᠢᠨ ᠲᠣᠪᠴᠢᠶ᠎ᠠ᠂ ᠪᠠᠷᠠᠭᠤᠨ ᠮᠠᠨᠵᠤ ᠶᠢᠨ ᠬᠤᠪᠢᠶᠠᠷᠢ ᠲᠣᠪᠴᠢᠶ᠎ᠠ᠂ ᠾᠧᠪᠧᠢ᠂ ᠷᠧ ᠾᠧ᠂ ᠯᠢᠶᠣᠤᠨᠢᠩ ᠤᠨ ᠬᠤᠪᠢᠶᠠᠷᠢ ᠲᠣᠪᠴᠢᠶ᠎ᠠ ᠪᠦᠷ ᠥᠪᠥᠷ ᠮᠣᠩᠭᠤᠯ ᠳᠤ ᠠᠳᠠᠯᠢ ᠪᠤᠰᠤ ᠠᠷᠭ᠎ᠠ ᠮᠠᠶ᠋ᠢᠭ ᠢᠶᠠᠷ ᠶᠡᠭᠡ ᠬᠡᠮᠵᠢᠶᠡᠨ ᠤ ᠠᠵᠢᠯ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠳᠠᠬᠤ ᠶᠢ ᠰᠢᠭᠤᠳ ᠤᠳᠤᠷᠢᠳᠴᠤ᠂ ᠵᠢᠯᠤᠭᠤᠳᠴᠤ᠂ ᠠᠬᠢᠭᠤᠯᠤᠭᠰᠠᠨ ᠪᠠᠶᠢᠨ᠎ᠠ᠃     ᠲᠡᠷᠡ ᠬᠤᠭᠤᠴᠠᠭᠠᠨ ᠳᠤ᠂ ᠰᠢ ᠵᠦᠩ ᠰᠢᠶᠦ᠋ᠨ ᠨᠥᠬᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠠᠷᠠᠭᠤᠨ ᠬᠤᠶᠢᠲᠤ ᠶᠢᠨ ᠲᠣᠪᠴᠢᠶ᠎ᠠ ᠶᠢᠨ ᠱᠦᠵᠢ ᠶᠢᠨ ᠬᠤᠪᠢ ᠪᠠᠷ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠭᠡ ᠵᠤᠤ ᠠᠶᠢᠮᠠᠭ ᠤᠨ ᠠᠵᠢᠯ ᠢ ᠰᠤᠳᠤᠯᠵᠤ᠂ ᠱᠠᠲᠤᠴᠢ ᠴᠢᠨᠠᠷᠲᠠᠢ ᠳ᠋ᠦᠩᠨᠡᠯᠲᠡ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠᠶᠢᠷᠢᠯᠠᠭᠤᠯᠤᠯᠲᠠ ᠬᠢᠵᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠯᠤᠰ ᠲᠥᠷᠥ ᠶᠢᠨ ᠵᠢᠯᠣᠭᠤᠳᠤᠯᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ᠂ ᠠᠮᠢᠳᠤᠯᠢᠭ ᠠᠷᠭ᠎ᠠ ᠪᠣᠳᠣᠯᠭ᠎ᠠ ᠠᠪᠴᠤ᠂ ᠤᠷᠢᠳ ᠬᠤᠵᠢᠳ ᠰᠥᠨᠢᠳ ᠪᠠᠷᠠᠭᠤᠨ ᠬᠤᠰᠢᠭᠤᠨ ᠳᠤ ᠪᠠᠶᠢᠭᠤᠯᠤᠭᠰᠠᠨ ︽ᠪᠥᠬᠦᠳᠡ ᠨᠠᠶᠢᠷᠠᠮᠳᠠᠬᠤ ᠥᠪᠥᠷ ᠮᠣᠩᠭᠤᠯ ᠠᠷᠠᠳ ᠤᠯᠤᠰ ᠤᠨ ᠲᠦᠷ ᠴᠠᠭ ᠤᠨ ᠵᠠᠰᠠᠭ ᠤᠨ ᠣᠷᠳᠣᠨ︾᠂ ᠬᠢᠩᠭᠠᠨ ᠠᠶᠢᠮᠠᠭ ᠤᠨ ᠭᠡᠭᠡᠨ ᠰᠦᠮ᠎ᠡ ᠳᠤ ᠪᠠᠶᠢᠭᠤᠯᠤᠭᠰᠠᠨ ︽ᠵᠡᠭᠦᠨ ᠮᠣᠩᠭᠤᠯ ᠤᠨ ᠠᠷᠠᠳ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ︾᠂ ᠬᠠᠶᠢᠯᠠᠷ ᠲᠤ ᠪᠠᠶᠢᠭᠤᠯᠤᠭᠰᠠᠨ ︽ᠬᠥᠯᠥᠨ ᠪᠤᠶᠢᠷ ᠤᠨ ᠥᠪᠡᠷᠲᠡᠭᠡᠨ ᠵᠠᠰᠠᠬᠤ ᠮᠤᠵᠢ ᠶᠢᠨ ᠵᠠᠰᠠᠭ ᠤᠨ ᠣᠷᠳᠣᠨ︾ ᠢ ᠵᠥᠪ ᠵᠠᠮ ᠳᠤ ᠬᠥᠲᠥᠯᠥᠨ ᠣᠷᠣᠭᠤᠯᠵᠤ᠂ ᠵᠠᠷᠢᠮ ᠤᠯᠤᠰ ᠲᠥᠷᠥ ᠶᠢᠨ ᠬᠦᠴᠦᠨ ᠤ ︽ᠭᠠᠳᠠᠭᠰᠢ ᠭᠦᠶᠦᠬᠦ︾᠂ ︽ᠲᠤᠰᠠᠭᠠᠷ ᠲᠣᠭᠲᠠᠨᠢᠬᠤ︾ ᠭᠤᠷᠢᠳᠠᠯᠭ᠎ᠠ ᠶᠢ ᠰᠦᠢᠷᠡᠭᠦᠯᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠤᠬᠠᠢ ᠶᠢᠨ ᠦᠶ᠎ᠡ ᠶᠢᠨ ᠲᠡᠦᠬᠡᠨ ᠨᠥᠬᠦᠴᠡᠯ ᠳᠣᠣᠷ᠎ᠠ ᠪᠠᠶᠢᠭᠤᠯᠤᠭᠳᠠᠵᠤ ᠴᠢᠳᠠᠭᠰᠠᠨ ᠨᠢ ᠳᠠᠷᠤᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠢ ᠤᠳᠤᠷᠢᠳᠬᠤ ᠶᠠᠪᠤᠴᠠ ᠳᠤ᠂ ᠨᠠᠮ ᠤᠨ ᠲᠥᠪ ᠬᠤᠷᠢᠶ᠎ᠠ ᠴᠠᠭ ᠲᠤᠨᠢ ᠲᠣᠬᠢᠷᠠᠭᠤᠯᠤᠨ ᠵᠢᠯᠤᠭᠤᠳᠬᠤ ᠴᠢᠭᠯᠡᠯᠲᠡ ᠲᠣᠭᠲᠠᠭᠠᠵᠤ᠂ ᠴᠡᠷᠢᠭ ᠤᠨ ᠶᠠᠪᠤᠳᠠᠯ ᠤᠨ ᠠᠵᠢᠯᠯᠠᠭ᠎ᠠ ᠶᠢ ᠪᠦᠲᠦᠮᠵᠢᠲᠡᠶ ᠵᠢᠯᠤᠭᠤᠳᠴᠤ᠂ ᠥᠪᠥᠷ ᠮᠣᠩᠭᠤᠯ ᠣᠷᠣᠨ ᠤ ᠥᠪᠡᠷᠲᠡᠭᠡᠨ ᠵᠠᠰᠠᠬᠤ ᠬᠥᠳᠡᠯᠭᠡᠭᠡᠨ ᠢ ᠤᠳᠤᠷᠢᠳᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠭᠰᠡᠨ ᠠᠴᠠ ᠪᠣᠯᠤᠭᠰᠠᠨ ᠶᠤᠮ᠃ ᠲᠤᠬᠠᠢ ᠶᠢᠨ ᠦᠶ᠎ᠡ ᠳᠤ᠂ ᠬᠡᠷᠪᠡ ᠵᠢᠨᠢᠩ ᠤᠨ ᠳᠠᠶᠢᠯᠠᠯᠳᠤᠭᠠᠨ ᠳᠤ ᠴᠢᠯᠦᠭᠡᠯᠡᠬᠦ ᠴᠡᠷᠢᠭ ᠤᠨ ᠶᠡᠭᠡ ᠴᠡᠷᠢᠭ ᠬᠢᠯᠢ ᠶᠢ ᠳᠠᠷᠤᠵᠤ᠂ ᠳᠠᠶᠢᠰᠤᠨ ᠤ ᠴᠡᠷᠢᠭ ᠢ ᠬᠦᠴᠦᠲᠡᠢ ᠬᠤᠷᠢᠭᠯᠠᠭᠰᠠᠨ ᠦᠭᠡᠢ ᠪᠣᠯ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠳᠠᠭᠰᠠᠨ ᠨᠢ ᠴᠦ ᠲᠡᠶᠢᠮᠦ ᠤᠷᠤᠭᠰᠢᠲᠠᠢ ᠪᠠᠶᠢᠵᠤ ᠴᠢᠳᠠᠬᠤ ᠦᠭᠡᠢ ᠶᠤᠮ᠃      ᠥᠪᠥᠷ ᠮᠣᠩᠭᠤᠯ ᠤᠨ ᠤᠳᠤ ᠶᠢᠨ ᠣᠷᠣᠨ ᠬᠤᠪᠢᠶᠠᠷᠢᠯᠠᠯ ᠤᠨ ᠬᠡᠪᠴᠢᠶ᠎ᠡ ᠶᠢ ᠴᠦ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠶᠢᠨ ᠳᠣᠣᠷ᠎ᠠ ᠲᠣᠭᠲᠠᠭᠠᠭᠰᠠᠨ ᠶᠤᠮ᠃ ᠨᠠᠮ ᠤᠨ ᠳᠣᠯᠣᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠢ ᠬᠤᠷᠠᠯᠳᠤᠭᠤᠯᠵᠤ ᠪᠠᠶᠢᠬᠤ ᠬᠤᠭᠤᠴᠠᠭᠠᠨ ᠳᠤ᠂ ᠮᠠᠤ ᠽᠧ ᠳ᠋ᠦᠩ ᠨᠥᠬᠦᠷ ︽ᠥᠪᠥᠷ ᠮᠣᠩᠭᠤᠯ ᠤᠨ ᠲᠡᠦᠬᠡᠨ ᠳᠡᠭᠡᠷᠡᠬᠢ ᠤᠤᠯ ᠤᠨ ᠳᠦᠷᠰᠦ ᠪᠠᠶᠢᠳᠠᠯ ᠢ ᠰᠡᠷᠭᠦᠭᠡᠨ᠎ᠡ︾ ᠭᠡᠵᠦ ᠳᠤᠷᠠᠳᠪᠠ᠃ ᠡᠭᠦᠨ ᠢ ᠪᠡᠶᠡᠯᠡᠭᠦᠯᠬᠦ ᠳᠤ ᠬᠦᠴᠢᠷᠳᠡᠯ ᠨᠢ ᠭᠤᠣᠯᠳᠠᠭᠤ ︽ᠥᠪᠥᠷ ᠮᠣᠩᠭᠤᠯ ᠰᠦᠢᠶᠤᠸᠠᠨ ᠢ ᠨᠡᠶᠢᠯᠡᠭᠦᠯᠬᠦ︾ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠲᠥᠪᠯᠡᠷᠡᠵᠦ ᠪᠠᠶᠢᠪᠠ᠃ ᠲᠤᠬᠠᠢ ᠶᠢᠨ ᠦᠶ᠎ᠡ ᠳᠤ᠂ ᠨᠠᠮ ᠤᠨ ᠳᠣᠲᠣᠭᠠᠳᠤ ᠳᠤ ᠥᠪᠥᠷ ᠮᠣᠩᠭᠤᠯ ᠤᠨ ᠣᠷᠣᠨ ᠪᠦᠰᠡ ᠶᠢᠨ ᠠᠰᠠᠭᠤᠳᠠᠯ ᠤᠨ ᠲᠤᠬᠠᠢ ᠲᠠᠨᠢᠯᠲᠠ ᠨᠢᠭᠡᠳᠦᠯ ᠦᠭᠡᠢ ᠠᠴᠠ ᠪᠣᠯᠵᠤ᠂ ︽ᠥᠪᠥᠷ ᠮᠣᠩᠭᠤᠯ ᠰᠦᠢᠶᠤᠸᠠᠨ ᠢ ᠨᠡᠶᠢᠯᠡᠭᠦᠯᠬᠦ︾ ᠶᠢ ᠤᠳᠠᠲᠠᠯ᠎ᠠ ᠪᠣᠳᠠᠲᠠᠢ ᠠᠬᠢᠴᠠ ᠦᠭᠡᠢ ᠪᠣᠯᠭᠠᠵᠠᠢ᠃ 1952 ᠣᠨ ᠤ ᠡᠬᠢ ᠪᠠᠷ᠂ ᠮᠠᠤ ᠽᠧ ᠳ᠋ᠦᠩ ᠨᠥᠬᠦᠷ ︽ᠥᠪᠥᠷ ᠮᠣᠩᠭᠤᠯ ᠰᠦᠢᠶᠤᠸᠠᠨ ᠢ ᠨᠡᠶᠢᠯᠡᠭᠦᠯᠬᠦ︾ ᠶᠢ ᠤᠳᠠᠲᠠᠯ᠎ᠠ ᠬᠤᠶᠢᠰᠢᠯᠠᠭᠤᠯᠤᠭᠠᠳ ᠰᠢᠢᠳᠪᠦᠷᠢᠯᠡᠭᠳᠡᠭᠡ ᠦᠭᠡᠢ ᠪᠠᠶᠢᠬᠤ ᠨᠢ ᠵᠠᠷᠢᠮ ᠤᠳᠤᠷᠢᠳᠬᠤ ᠺᠠᠳ᠋ᠷ ᠵᠥᠪᠰᠢᠶᠡᠷᠡᠬᠦ ᠦᠭᠡᠢ ᠠᠴᠠ ᠪᠤᠯᠤᠭᠰᠠᠨ ᠢ ᠮᠡᠳᠡᠭᠰᠡᠨ ᠤ ᠳᠠᠷᠠᠭ᠎ᠠ᠄ ᠬᠤᠶᠢᠰᠢᠯᠠᠭᠤᠯᠵᠤ ᠪᠣᠯᠬᠤ ᠦᠭᠡᠢ᠂ ᠬᠡᠨ ᠵᠥᠪᠰᠢᠶᠡᠷᠡᠬᠦ ᠦᠭᠡᠢ ᠪᠣᠯ ᠲᠡᠭᠦᠨ ᠢ ᠤᠭᠴᠠᠷᠠᠭᠤᠯᠤᠨ᠎ᠠ ᠭᠡᠵᠦ ᠵᠢᠭᠠᠵᠤ ᠭᠠᠷᠭᠠᠪᠠ᠃ ᠵᠧᠦ ᠡᠸ᠋ᠨ ᠯᠠᠢ ᠨᠥᠬᠦᠷ ᠬᠡᠯᠡᠬᠦ ᠳᠡᠭᠡᠨ᠂ ᠡᠨᠡ ᠶᠠᠪᠤᠳᠠᠯ ᠢ ᠲᠥᠪ ᠬᠤᠷᠢᠶ᠎ᠠ ᠠᠴᠠ ᠲᠣᠭᠲᠠᠭᠠᠭᠰᠠᠨ ᠶᠤᠮ᠂ ᠪᠢ ᠣᠴᠢᠵᠤ ᠠᠵᠢᠯ ᠬᠢᠶ᠎ᠠ᠂ ᠲᠡᠷᠢᠭᠦᠯᠡᠭᠴᠢ ᠰᠠᠨᠠᠭ᠎ᠠ ᠠᠮᠤᠷ ᠪᠠᠶᠢᠭᠠᠷᠠᠢ ᠭᠡᠵᠡᠢ᠃ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠪᠠ ᠳᠡᠮᠵᠢᠯᠭᠡ ᠪᠠᠷ᠂ ᠰᠦᠢᠶᠤᠸᠠᠨ ᠮᠤᠵᠢ ᠶᠢ 1954 ᠣᠨ ᠳᠤ ᠵᠢᠩᠬᠢᠨᠢ ᠪᠠᠷ ᠪᠠᠶᠢᠭᠤᠯᠤᠮᠵᠢ ᠶᠢᠨ ᠳᠦᠷᠢᠮ ᠢ ᠨᠢ ᠬᠠᠰᠤᠵᠤ᠂ ᠬᠠᠷᠢᠶ᠎ᠠ ᠣᠷᠣᠨ ᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠤᠯᠪᠠ᠃ 4 ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠶ ᠰᠦᠢ ᠬᠤᠲᠠ ᠶᠢᠨ ᠨᠡᠷ᠎ᠡ ᠶᠢ ᠬᠥᠬᠡᠬᠤᠲᠠ ᠭᠡᠵᠤ ᠬᠠᠯᠠᠪᠠ᠃ ᠳᠠᠷᠠᠭ᠎ᠠ ᠨᠢ᠂ ᠭᠠᠨᠰᠤ ᠳᠤ ᠬᠠᠷᠢᠶᠠᠯᠠᠭᠳᠠᠵᠤ ᠪᠠᠶᠢᠭᠰᠠᠨ ᠠᠯᠠᠱᠠ᠂ ᠡᠵᠡᠨ᠎ᠡ᠂ ᠾᠧᠪᠧᠢ ᠳᠤ ᠬᠠᠷᠢᠶᠠᠯᠠᠭᠳᠠᠵᠤ ᠪᠠᠶᠢᠭᠰᠠᠨ ᠱᠠᠩᠳᠤ ᠴᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠤᠪᠢᠶᠠᠭᠳᠠᠪᠠ᠃     ᠥᠪᠥᠷ ᠮᠣᠩᠭᠤᠯ ᠤᠨ ᠨᠢᠭᠡᠳᠦᠭᠰᠡᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢᠨ ᠪᠦᠷᠢᠯᠳᠦᠯ ᠨᠢ ᠡᠬᠡ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠵᠤ᠂ ᠥᠪᠥᠷ ᠮᠣᠩᠭᠤᠯ ᠤᠨ ᠡᠯ᠎ᠡ ᠵᠦᠢᠯ ᠤᠨ ᠦᠢᠯᠡᠰ ᠤᠨ ᠲᠣᠭᠲᠠᠭᠤᠨ ᠪᠠ ᠲᠦᠷᠭᠡᠨ ᠬᠥᠭᠵᠢᠯᠲᠡ ᠶᠢ ᠠᠬᠢᠭᠤᠯᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号