ᠮᠣᠩᠭᠤᠯ ᠦᠨᠳᠦᠰᠦᠲᠡᠨ ᠤ ᠠᠷᠠᠳ ᠲᠦᠮᠡᠨ ᠦᠶ᠎ᠡ ᠶᠢᠨ ᠦᠶ᠎ᠡ ᠳᠡᠭᠡᠨ ᠲᠠᠯ᠎ᠠ ᠨᠤᠲᠤᠭ ᠲᠤ ᠠᠮᠢᠳᠤᠷᠠᠵᠤ᠂ | ᠮᠠᠯ ᠮᠠᠯᠵᠢᠬᠤ ᠪᠠᠷ ᠠᠵᠤ ᠠᠮᠢᠳᠤᠷᠠᠯ ᠢᠶᠠᠨ ᠪᠣᠯᠭᠠᠳᠠᠭ᠃ ︽ᠤᠰᠤ ᠪᠡᠯᠴᠢᠭᠡᠷ ᠢ ᠳᠠᠭᠠᠵᠤ ᠠᠮᠢᠳᠤᠷᠠᠬᠤ︾ ᠨᠡᠭᠦᠳᠡᠯ | ᠮᠠᠯᠵᠢᠯ ᠤᠨ ᠠᠮᠢᠳᠤᠷᠠᠯ ᠢ ᠬᠢᠵᠦ ᠪᠠᠶᠢᠭ᠎ᠠ ᠨᠢ ᠣᠲᠣ ᠦᠶ᠎ᠡ ᠶᠢᠨ ᠨᠡᠶᠢᠭᠡᠮ ᠳᠤ ᠬᠡᠳᠦᠶᠢᠪᠡᠷ ᠪᠠᠭᠤᠷᠠᠢ ᠪᠣᠯᠤᠭᠰᠠᠨ | ᠪᠣᠯᠪᠠᠴᠤ ᠮᠣᠩᠭᠤᠯᠴᠤᠳ ᠤᠨ ᠪᠡᠯᠭᠡ ᠲᠡᠮᠳᠡᠭ ᠢᠶᠠᠷ ᠦᠵᠡᠭᠳᠡᠭᠰᠡᠭᠡᠷ ᠪᠠᠶᠢᠭ᠎ᠠ ᠨᠢ ᠡᠨᠡ ᠶᠤᠮ᠃ ᠪᠥᠬᠦ ᠤᠯᠤᠰ ᠤᠨ | ᠮᠣᠩᠭᠤᠯ ᠦᠨᠳᠦᠰᠦᠲᠡᠨ ᠳᠤ ᠨᠢᠭᠡ ᠥᠪᠡᠷᠲᠡᠭᠡᠨ ᠵᠠᠰᠠᠬᠤ ᠣᠷᠣᠨ᠂ ᠭᠤᠷᠪᠠᠨ ᠥᠪᠡᠷᠲᠡᠭᠡᠨ ᠵᠠᠰᠠᠬᠤ ᠵᠧᠦ᠂ ᠨᠠᠢᠮᠠᠨ | ᠥᠪᠡᠷᠲᠡᠭᠡᠨ ᠵᠠᠰᠠᠬᠤ ᠰᠢᠶᠠᠨ᠂ ᠵᠢᠷᠠᠨ ᠲᠤᠯᠤᠭᠠᠨ ᠦᠨᠳᠦᠰᠦᠲᠡᠨ ᠤ ᠰᠢᠶᠠᠩ ᠪᠠᠯᠭᠠᠰᠤ ᠪᠠᠶᠢᠵᠤ᠂ ᠬᠥᠮᠥᠨ ᠠᠮᠠ | ᠨᠢ ᠪᠠᠷᠤᠭ ᠲᠠᠪᠤᠨ ᠵᠠᠭᠤ ᠶᠡᠷᠡ ᠭᠠᠷᠤᠢ ᠲᠦᠮᠡ ᠪᠠᠶᠢᠵᠤ᠂ ᠡᠭᠦᠨ ᠤ ᠳᠣᠲᠣᠷ᠎ᠠ 14 ᠬᠤᠰᠢᠭᠤ ᠰᠢᠶᠠᠨ ᠤ ᠮᠣᠩᠭᠤᠯ | ᠦᠨᠳᠦᠰᠦᠲᠡᠨ ᠤ ᠬᠥᠮᠥᠨ ᠠᠮᠠ ᠣᠯᠠᠩᠬᠢ ᠲᠤᠭ᠎ᠠ ᠶᠢ ᠡᠵᠡᠯᠡᠵᠦ᠂ ᠮᠣᠩᠭᠤᠯ ᠬᠡᠯᠡ ᠪᠠᠷ ᠬᠠᠷᠢᠯᠴᠠᠵᠤ ᠰᠤᠯᠢᠯᠴᠠᠵᠤ | ᠪᠣᠯᠣᠨ᠎ᠠ᠃ ᠠᠳᠡ ᠮᠤᠩᠭᠤᠯ ᠰᠤᠶᠤᠯ ᠣᠯᠠᠨ ᠵᠢᠯ ᠤᠨ ᠲᠤᠷᠰᠢ ᠤᠯᠠᠮᠵᠢᠯᠠᠭᠳᠠᠵᠤ ᠢᠷᠡᠭᠰᠡᠨ ᠪᠠᠶᠢᠨ᠎ᠠ᠃ | | 1. ᠬᠥᠬᠡᠨᠠᠭᠤᠷ ᠤᠨ ᠾᠧᠨᠠᠨ ᠤ ᠮᠣᠩᠭᠤᠯ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ | ᠾᠧᠨᠠᠨ ᠤ ᠮᠣᠩᠭᠤᠯ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠪᠣᠯ ᠬᠥᠬᠡᠨᠠᠭᠤᠷ ᠮᠤᠵᠢ ᠶᠢᠨ ᠴᠣᠷ ᠤᠨ | ᠭᠠᠭᠴᠠ ᠮᠣᠩᠭᠤᠯ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠪᠣᠯᠣᠨ᠎ᠠ᠂ ᠶᠡᠷᠦ ᠳᠡᠭᠡᠨ ︽ᠾᠧᠨᠠᠨ ᠤ | ᠮᠣᠩᠭᠤᠯ ᠬᠤᠰᠢᠭᠤ︾ ᠭᠡᠳᠡᠭ᠂ ᠳᠤᠮᠳᠠᠳᠤ ᠤᠯᠤᠰ ᠤᠨ ᠮᠣᠩᠭᠤᠯ ᠦᠨᠳᠦᠰᠦᠲᠡᠨ ᠤ ᠬᠥᠮᠥᠨ ᠠᠮᠠ ᠶᠢᠨ | ᠬᠠᠷᠢᠴᠠᠯ ᠢᠶᠠᠷ ᠬᠠᠮᠤᠭ ᠤᠨ ᠥᠨᠳᠥᠷ ᠰᠢᠶᠠᠨ ᠪᠣᠯᠣᠨ᠎ᠠ᠃ ᠬᠥᠬᠡᠨᠠᠭᠤᠷ ᠮᠤᠵᠢ ᠶᠢᠨ ᠵᠡᠭᠦᠨ ᠡᠮᠦᠨᠡᠲᠦ ᠬᠡᠰᠡᠭ ᠲᠤ | ᠪᠠᠶᠢᠷᠢᠯᠠᠵᠤ᠂ ᠵᠡᠭᠦᠨᠰᠢ ᠭᠠᠨᠰᠤ ᠮᠤᠵᠢ ᠶᠢᠨ ᠭᠠᠨᠨᠠᠨ ᠤ ᠲᠥᠪᠡᠳ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ | ᠰᠢᠶᠠ ᠾᠧ ᠰᠢᠶᠠᠨ᠂ ᠯᠦ ᠴᠢᠦᠢ ᠰᠢᠶᠠᠨ ᠲᠠᠢ ᠬᠥᠷᠰᠢᠯᠡᠵᠦ᠂ ᠡᠮᠦᠨᠡᠰᠢ ᠭᠠᠨᠰᠤ ᠮᠤᠵᠢ ᠶᠢᠨ ᠭᠠᠨᠨᠠᠨ ᠤ ᠲᠥᠪᠡᠳ | ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠶᠢᠨ ᠮᠠ ᠴᠢᠦᠢ ᠰᠢᠶᠠᠨ ᠲᠠᠢ ᠵᠠᠯᠭᠠᠯᠳᠤᠵᠤ᠂ ᠪᠠᠷᠠᠭᠤᠨ ᠡᠮᠦᠨ᠎ᠡ | ᠲᠠᠯ᠎ᠠ ᠪᠠᠷ ᠢᠶᠠᠨ ᠬᠥᠬᠡᠨᠠᠭᠤᠷ ᠮᠤᠵᠢ ᠶᠢᠨ ᠭᠦᠸᠧ ᠯᠥᠸᠧ ᠲᠥᠪᠡᠳ ᠦᠨᠳᠦᠰᠦᠲᠡᠨ ᠤ ᠥᠪᠡᠷᠲᠡᠭᠡᠨ ᠵᠠᠰᠠᠬᠤ | ᠵᠧᠦ ᠶᠢᠨ ᠮᠡᠴᠢᠨ ᠰᠢᠶᠠᠨ᠂ ᠬᠠᠶᠢᠨᠠᠨ ᠵᠧᠦ ᠶᠢᠨ ᠳ᠋ᠧ ᠰᠢᠶᠠᠨ ᠲᠠᠢ ᠬᠥᠷᠰᠢᠯᠡᠵᠦ᠂ ᠤᠮᠠᠷᠠᠰᠢ ᠽᠧᠺᠦ᠋ ᠰᠢᠶᠠᠨ ᠲᠠᠢ | ᠬᠥᠷᠰᠢᠯᠡᠵᠦ᠂ ᠬᠦᠬᠡᠨᠠᠭᠤᠷ᠂ ᠭᠠᠨᠰᠣ᠂ ᠰᠧᠴᠤᠸᠠᠨ ᠭᠤᠷᠪᠠᠨ ᠮᠤᠵᠢ ᠶᠢᠨ ᠠᠭᠤᠯᠵᠠᠷ ᠲᠤ ᠪᠠᠶᠢᠷᠢᠯᠠᠨ᠂ ᠬᠥᠬᠡᠨᠠᠭᠤᠷ | ᠮᠤᠵᠢ ᠶᠢᠨ ᠡᠮᠦᠨ᠎ᠡ ᠶᠡᠭᠡ ᠡᠭᠦᠳᠡ ᠭᠡᠳᠡᠭ ᠠᠯᠳᠠᠷᠲᠠᠢ ᠶᠤᠮ᠃ ᠪᠦᠬᠦ ᠰᠢᠶᠠᠨ ᠤ ᠶᠡᠷᠦᠩᠬᠡᠢ ᠲᠠᠯᠠᠪᠠᠶ ᠨᠢ 6997. | 45 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠳᠠᠯᠠᠶ ᠶᠢᠨ ᠲᠦᠪᠰᠢᠨ ᠠᠴᠠ 3600 ᠮᠧᠲᠷ ᠡᠷᠭᠦᠭᠳᠡᠵᠦ᠂ 1 | ᠪᠠᠯᠭᠠᠰᠤ 4 ᠰᠢᠶᠠᠩ 2 ᠨᠡᠶᠢᠭᠡᠮ ᠲᠣᠭᠤᠷᠢᠭ 39 ᠮᠠᠯ ᠠᠵᠤ ᠠᠬᠤᠢ ᠶᠢᠨ ᠵᠥᠪᠯᠡᠯ᠂ 135 ᠮᠠᠯ ᠠᠵᠤ ᠠᠬᠤᠢ | ᠶᠢᠨ ᠬᠤᠷᠰᠢᠶ᠎ᠠ᠂ 4 ᠲᠥᠪᠡᠳ ᠤᠨ ᠪᠤᠷᠬᠠᠨ ᠱᠠᠰᠢᠨ ᠤ ᠰᠦᠮ᠎ᠡ ᠬᠡᠶᠢᠳ ᠢ ᠬᠠᠷᠢᠶᠠᠯᠠᠵᠤ᠂ 2011 ᠣᠨ | ᠪᠣᠯᠲᠠᠯ᠎ᠠ ᠪᠦᠬᠦ ᠬᠥᠮᠥᠨ ᠠᠮᠠ ᠨᠢ 4 ᠲᠦᠮᠡ ᠪᠠᠶᠢᠵᠤ᠂ ᠮᠣᠩᠭᠤᠯ ᠦᠨᠳᠦᠰᠦᠲᠡᠨ 93.21% ᠶᠢ ᠡᠵᠡᠯᠡᠭᠰᠡᠨ | ᠪᠠᠶᠢᠨ᠎ᠠ᠃ | | 2. ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠢᠩᠭᠠᠨ ᠠᠶᠢᠮᠠᠭ ᠲᠤ ᠬᠠᠷᠢᠶᠠᠯᠠᠭᠳᠠᠬᠤ ᠨᠢᠭᠡ ᠬᠤᠰᠢᠭᠤ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠡᠭᠦᠨ ᠬᠤᠶᠢᠲᠤ ᠬᠡᠰᠡᠭ᠂ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠳᠤ ᠪᠠᠶᠢᠷᠢᠯᠠᠳᠠᠭ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠡᠷᠦᠩᠬᠡᠢ ᠲᠠᠯᠠᠪᠠᠶ ᠨᠢ 15613 ᠲᠡᠭᠰᠢ ᠳᠥᠷᠪᠡᠯᠵᠢᠨ | ᠺᠢᠯᠣᠮᠧᠲᠷ᠂ ᠪᠥᠬᠦ ᠬᠥᠮᠥᠨ ᠠᠮᠠ ᠨᠢ 25.14 ᠲᠦᠮᠡ ︵2014 ᠣᠨ︶ ᠪᠠᠶᠢᠵᠤ᠂ ᠳᠣᠣᠷ᠎ᠠ ᠨᠢ 6 ᠪᠠᠯᠭᠠᠰᠤ᠂ | 6 ᠰᠤᠮᠤ ᠬᠠᠷᠢᠶᠠᠯᠠᠵᠤ᠂ ᠮᠣᠩᠭᠤᠯ ᠦᠨᠳᠦᠰᠦᠲᠡᠨ ᠤ ᠬᠥᠮᠥᠨ ᠠᠮᠠ ᠨᠢ 22 ᠲᠦᠮᠡ ᠪᠠᠶᠢᠵᠤ᠂ ᠪᠥᠬᠦ ᠬᠥᠮᠥᠨ | ᠠᠮᠠ ᠶᠢᠨ 86.4% ᠶᠢ ᠡᠵᠡᠯᠡᠵᠦ᠂ ᠥᠪᠥᠷ ᠮᠣᠩᠭᠤᠯ ᠤᠨ ᠮᠣᠩᠭᠤᠯ ᠦᠨᠳᠦᠰᠦᠲᠡᠨ ᠤ ᠬᠠᠷᠢᠴᠠᠯ ᠢᠶᠠᠷ | ᠬᠠᠮᠤᠭ ᠤᠨ ᠥᠨᠳᠥᠷ ᠬᠤᠰᠢᠭᠤ ᠰᠢᠶᠠᠨ ᠪᠣᠯᠣᠨ᠎ᠠ᠃ | | 3. ᠬᠥᠯᠥᠨ ᠪᠤᠶᠢᠷ ᠤᠨ ᠰᠢᠨ᠎ᠡ ᠪᠠᠷᠭᠤ ᠪᠠᠷᠠᠭᠤᠨ ᠬᠤᠰᠢᠭᠤ | ᠰᠢᠨ᠎ᠡ ᠪᠠᠷᠭᠤ ᠪᠠᠷᠠᠭᠤᠨ ᠬᠤᠰᠢᠭᠤ ︵ᠰᠢᠨ᠎ᠡ ᠪᠠᠷᠠᠭᠤᠨ ᠬᠤᠰᠢᠭᠤ ᠭᠡᠵᠦ ᠲᠣᠪᠴᠢᠯᠠᠨ᠎ᠠ︶ ᠪᠣᠯ ᠥᠪᠡᠷᠲᠡᠭᠡᠨ | ᠵᠠᠰᠠᠬᠤ ᠣᠷᠣᠨ ᠤ 19 ᠬᠢᠯᠢ ᠶᠢᠨ ᠬᠤᠰᠢᠭᠤ ︵ᠬᠤᠲᠠ︶ ᠪᠠ 23 ᠮᠠᠯᠵᠢᠬᠤ ᠬᠤᠰᠢᠭᠤᠨ ᠤ ᠨᠢᠭᠡ ᠪᠠᠶᠢᠵᠤ᠂ | ᠡᠬᠡ ᠤᠯᠤᠰ ᠤᠨ ᠵᠡᠭᠦᠨ ᠬᠤᠶᠢᠲᠤ ᠶᠢᠨ ᠬᠥᠯᠥᠨ ᠪᠤᠶᠢᠷ ᠬᠤᠲᠠ ᠶᠢᠨ ᠪᠠᠷᠠᠭᠤᠨ ᠬᠡᠰᠡᠭ ᠤᠨ ᠳᠤᠮᠳᠠᠳᠤ ᠣᠷᠣᠰ | ᠮᠣᠩᠭᠤᠯ ᠭᠤᠷᠪᠠᠨ ᠤᠯᠤᠰ ᠤᠨ ᠠᠭᠤᠯᠵᠠᠷ ᠭᠠᠵᠠᠷ ᠲᠤ ᠪᠠᠶᠢᠷᠢᠯᠠᠵᠤ ᠪᠣᠶ᠃ 2013 ᠣᠨ ᠤ ᠡᠴᠦᠰ ᠤᠨ ᠰᠢᠨ᠎ᠡ | ᠪᠠᠷᠭᠤ ᠪᠠᠷᠠᠭᠤᠨ ᠬᠤᠰᠢᠭᠤᠨ ᠤ ᠮᠣᠩᠭᠤᠯ ᠦᠨᠳᠦᠰᠦᠲᠡᠨ ᠤ ᠬᠥᠮᠥᠨ ᠠᠮᠠ 2.89 ᠲᠦᠮᠡ ᠪᠠᠶᠢᠵᠤ᠂ ᠪᠥᠬᠦ | ᠬᠥᠮᠥᠨ ᠠᠮᠠ ᠶᠢᠨ 82.57% ᠶᠢ ᠡᠵᠡᠯᠡᠪᠡ᠃ | | 4. ᠲᠦᠩᠯᠢᠶᠣᠣ ᠬᠤᠳᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ | ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠦᠩᠯᠢᠶᠣᠣ ᠬᠤᠲᠠ ᠶᠢᠨ ᠵᠡᠭᠦᠨ ᠡᠮᠦᠨ᠎ᠡ ᠬᠡᠰᠡᠭ ᠲᠤ ᠪᠠᠶᠢᠷᠢᠯᠠᠵᠤ᠂ ᠵᠡᠭᠦᠨ ᠬᠤᠶᠢᠲᠤ ᠬᠡᠰᠡᠭ ᠨᠢ ᠭᠢᠷᠢᠨ | ᠮᠤᠵᠢ ᠶᠢᠨ ᠱᠤᠸᠠᠩ ᠯᠢᠶᠣᠤ ᠬᠤᠲᠠ ᠲᠠᠢ ᠵᠠᠬ᠎ᠠ ᠨᠡᠶᠢᠯᠡᠵᠦ ᠪᠠᠶᠢᠨ᠎ᠠ︔ ᠵᠡᠭᠦᠨ ᠬᠡᠰᠡᠭ ᠪᠠ ᠡᠮᠦᠨᠡᠲᠦ ᠬᠡᠰᠡᠭ ᠨᠢ | ᠯᠢᠶᠣᠤᠨᠢᠩ ᠮᠤᠵᠢ ᠶᠢᠨ ᠵᠠᠩ ᠦ᠋᠂ ᠺᠠᠩ ᠫᠢᠩ᠂ ᠴᠠᠩᠲᠤ ᠰᠢᠶᠠᠨ ᠲᠠᠢ ᠬᠥᠷᠰᠢᠯᠡᠵᠦ ᠪᠠᠶᠢᠨ᠎ᠠ︔ ᠪᠠᠷᠠᠭᠤᠨ ᠬᠡᠰᠡᠭ | ᠪᠠ ᠬᠤᠶᠢᠲᠤ ᠬᠡᠰᠡᠭ ᠨᠢ ᠬᠦᠷᠢᠶ᠎ᠡ ᠬᠤᠰᠢᠭᠤ᠂ ᠨᠠᠢᠮᠠᠨ ᠬᠤᠰᠢᠭᠤ᠂ ᠺᠠᠶᠢᠯᠤ ᠰᠢᠶᠠᠨ᠂ ᠲᠦᠩᠯᠢᠶᠣᠣ ᠬᠤᠲᠠ ᠪᠠ | ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠲᠠᠢ ᠬᠤᠯᠪᠣᠯᠳᠤᠵᠤ ᠪᠠᠶᠢᠳᠠᠭ᠃ ᠮᠣᠩᠭᠤᠯ ᠦᠨᠳᠦᠰᠦᠲᠡᠨ ᠤ | ᠬᠥᠮᠥᠨ ᠠᠮᠠ 30.08 ᠲᠦᠮᠡ ᠪᠠᠶᠢᠵᠤ᠂ ᠪᠦᠬᠦ ᠬᠥᠮᠥᠨ ᠠᠮᠠ ᠶᠢᠨ 75% ᠶᠢ ᠡᠵᠡᠯᠡᠵᠦ ᠪᠠᠶᠢᠨ᠎ᠠ᠃ | | 5. ᠬᠥᠯᠥᠨ ᠪᠤᠶᠢᠷ ᠤᠨ ᠰᠢᠨ᠎ᠡ ᠪᠠᠷᠭᠤ ᠵᠡᠭᠦᠨ ᠬᠤᠰᠢᠭᠤ | ᠰᠢᠨ᠎ᠡ ᠪᠠᠷᠭᠤ ᠵᠡᠭᠦᠨ ᠬᠤᠰᠢᠭᠤ ︵ᠪᠠᠰᠠ ᠵᠡᠭᠦᠨ ᠬᠤᠰᠢᠭᠤ᠂ ᠰᠢᠨ᠎ᠡ ᠵᠡᠭᠦᠨ ᠬᠤᠰᠢᠭᠤ ᠭᠡᠳᠡᠭ︶ ᠪᠣᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠳᠤ ᠬᠠᠷᠢᠶᠠᠯᠠᠭᠳᠠᠬᠤ ᠨᠢᠭᠡ | ᠬᠤᠰᠢᠭᠤ ᠪᠠᠶᠢᠵᠤ᠂ ᠶᠡᠭᠡ ᠬᠢᠩᠭᠠᠨ ᠳᠠᠪᠠᠭ᠎ᠠ ᠶᠢᠨ ᠠᠷᠤ ᠬᠤᠷᠮᠣᠢ᠂ ᠬᠥᠯᠥᠨ ᠪᠤᠶᠢᠷ ᠬᠤᠲᠠ ᠶᠢᠨ ᠪᠠᠷᠠᠭᠤᠨ | ᠡᠮᠦᠨ᠎ᠡ ᠵᠠᠬ᠎ᠠ ᠳᠤ ᠪᠠᠶᠢᠷᠢᠯᠠᠳᠠᠭ᠃ ᠭᠠᠵᠠᠷ ᠰᠢᠷᠣᠢ ᠶᠢᠨ ᠲᠠᠯᠠᠪᠠᠶ ᠨᠢ 2.2 ᠲᠦᠮᠡᠨ ᠲᠡᠭᠰᠢ ᠳᠥᠷᠪᠡᠯᠵᠢᠨ | ᠺᠢᠯᠣᠮᠧᠲᠷ᠂ ᠬᠥᠮᠥᠨ ᠠᠮᠠ ᠨᠢ 4.2 ᠲᠦᠮᠡᠨ ᠬᠥᠮᠥᠨ ︵2011 ᠣᠨ︶ ᠪᠠᠶᠢᠨ᠎ᠠ᠃ 2011 ᠣᠨ ᠤ 12 | ᠰᠠᠷ᠎ᠠ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠬᠠᠷᠢᠶ᠎ᠠ ᠳᠤ 2 ᠪᠠᠯᠭᠠᠰᠤ᠂ 5 ᠰᠤᠮᠤ ᠲᠠᠢ᠃ ᠮᠣᠩᠭᠤᠯ | ᠦᠨᠳᠦᠰᠦᠲᠡᠨ ᠤ ᠬᠥᠮᠥᠨ ᠠᠮᠠ 3.08 ᠲᠦᠮᠡ ᠪᠠᠶᠢᠵᠤ᠂ ᠪᠥᠬᠦ ᠬᠥᠮᠥᠨ ᠠᠮᠠ ᠶᠢᠨ 73.5% ᠶᠢ ᠡᠵᠡᠯᠡᠨ᠎ᠡ᠃ | | | 6. ᠰᠢᠯᠢ ᠶᠢᠨ ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤ | ᠪᠠᠷᠠᠭᠤᠨ ᠦᠵᠦᠮᠦᠴᠢᠨ ᠬᠤᠰᠢᠭᠤ ︵ᠪᠠᠷᠠᠭᠤᠨ ᠦᠵᠦᠮᠦᠴᠢᠨ ᠬᠤᠰᠢᠭᠤ ᠭᠡᠵᠦ ᠲᠣᠪᠴᠢᠯᠠᠨ᠎ᠠ︶ ᠪᠣᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠲᠤ ᠬᠠᠷᠢᠶᠠᠯᠠᠭᠳᠠᠬᠤ ᠨᠢᠭᠡ | ᠬᠤᠰᠢᠭᠤ ᠪᠠᠶᠢᠵᠤ᠂ ᠰᠢᠯᠢ ᠶᠢᠨ ᠭᠤᠣᠯ ᠠᠶᠢᠮᠠᠭ ᠤᠨ ᠵᠡᠭᠦᠨ ᠬᠡᠰᠡᠭ ᠲᠤ ᠪᠠᠶᠢᠷᠢᠯᠠᠵᠤ᠂ ᠲᠦᠩᠯᠢᠶᠣᠣ ᠬᠤᠲᠠ᠂ | ᠤᠯᠠᠭᠠᠨᠬᠠᠳᠠ ᠬᠤᠲᠠ ᠵᠢᠴᠢ ᠰᠢᠯᠢ ᠶᠢᠨ ᠭᠤᠣᠯ ᠠᠶᠢᠮᠠᠭ ᠤᠨ 8 ᠬᠤᠰᠢᠭᠤ ᠰᠢᠶᠠᠨ ᠬᠤᠲᠠ ᠲᠠᠢ ᠬᠥᠷᠰᠢᠯᠡᠵᠦ | ᠪᠠᠶᠢᠳᠠᠭ᠃ ᠪᠠᠷᠠᠭᠤᠨ ᠦᠵᠦᠮᠦᠴᠢᠨ ᠬᠤᠰᠢᠭᠤᠨ ᠤ ᠨᠤᠲᠤᠭ ᠳᠡᠪᠢᠰᠬᠡᠷ ᠤᠨ ᠲᠠᠯᠠᠪᠠᠶ ᠨᠢ 22960 ᠲᠡᠭᠰᠢ | ᠳᠥᠷᠪᠡᠯᠵᠢᠨ ᠺᠢᠯᠣᠮᠧᠲᠷ᠂ ᠬᠥᠮᠥᠨ ᠠᠮᠠ ᠨᠢ 9 ᠲᠦᠮᠡ ︵2010 ᠣᠨ︶ ᠪᠣᠯᠣᠨ᠎ᠠ᠃ 2014 ᠣᠨ ᠳᠤ᠂ | ᠪᠠᠷᠠᠭᠤᠨ ᠦᠵᠦᠮᠦᠴᠢᠨ ᠬᠤᠰᠢᠭᠤᠨ ᠤ ᠬᠠᠷᠢᠶᠠᠨ ᠳᠤ 5 ᠪᠠᠯᠭᠠᠰᠤ᠂ 2 ᠰᠤᠮᠤ᠂ 1 ᠣᠶ ᠰᠢᠭᠤᠢ ᠶᠢᠨ ᠶᠡᠷᠦᠩᠬᠡᠢ | ᠲᠠᠯᠠᠪᠠᠶ᠂ 93 ᠭᠠᠴᠠᠭ᠎ᠠ ᠲᠠᠢ᠃ ᠮᠣᠩᠭᠤᠯ ᠦᠨᠳᠦᠰᠦᠲᠡᠨ ᠤ ᠬᠥᠮᠥᠨ ᠠᠮᠠ 6.1 ᠲᠦᠮᠡ ᠪᠠᠶᠢᠵᠤ᠂ ᠪᠦᠬᠦ | ᠬᠥᠮᠥᠨ ᠠᠮᠠ ᠶᠢᠨ 68% ᠶᠢ ᠡᠵᠡᠯᠡᠵᠦ ᠪᠠᠶᠢᠨ᠎ᠠ᠃ | | 7. ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤ | ᠵᠡᠭᠦᠨ ᠦᠵᠦᠮᠦᠴᠢᠨ ᠬᠤᠰᠢᠭᠤ ︵ᠵᠡᠭᠦᠨ ᠦᠵᠦᠮᠦᠴᠢᠨ ᠬᠤᠰᠢᠭᠤ ᠭᠡᠵᠦ ᠲᠣᠪᠴᠢᠯᠠᠨ᠎ᠠ︶ ᠪᠣᠯ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠲᠤ ᠬᠠᠷᠢᠶᠠᠯᠠᠭᠳᠠᠬᠤ ᠨᠢᠭᠡ ᠬᠤᠰᠢᠭᠤ | ᠪᠣᠯᠣᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠵᠡᠭᠦᠨ | ᠬᠤᠶᠢᠲᠤ ᠬᠡᠰᠡᠭ ᠲᠤ ᠪᠠᠶᠢᠷᠢᠯᠠᠵᠤ᠂ ᠶᠡᠭᠡ ᠬᠢᠩᠭᠠᠨ ᠳᠠᠪᠠᠭ᠎ᠠ ᠶᠢᠨ ᠪᠠᠷᠠᠭᠤᠨ ᠬᠤᠷᠮᠣᠢ᠂ ᠵᠡᠭᠦᠨ ᠲᠠᠯ᠎ᠠ ᠪᠠᠷ ᠢᠶᠠᠨ | ᠬᠢᠩᠭᠠᠨ ᠠᠶᠢᠮᠠᠭ᠂ ᠲᠦᠩᠯᠢᠶᠣᠣ ᠬᠤᠳᠠ ᠲᠠᠢ ᠬᠥᠷᠰᠢᠯᠡᠵᠦ᠂ ᠡᠮᠦᠨ᠎ᠡ ᠲᠠᠯ᠎ᠠ ᠪᠠᠷ ᠢᠶᠠᠨ ᠰᠢᠯᠢᠩᠬᠤᠲᠠ᠂ ᠪᠠᠷᠠᠭᠤᠨ | ᠦᠵᠦᠮᠦᠴᠢᠨ ᠬᠤᠰᠢᠭᠤ ᠲᠠᠢ ᠵᠠᠯᠭᠠᠯᠳᠤᠵᠤ᠂ ᠪᠠᠷᠠᠭᠤᠨ ᠲᠠᠯ᠎ᠠ ᠪᠠᠷ ᠢᠶᠠᠨ ᠠᠪᠠᠭ᠎ᠠ ᠬᠤᠰᠢᠭᠤ ᠲᠠᠢ ᠵᠠᠯᠭᠠᠯᠳᠤᠵᠤ᠂ | ᠬᠤᠶᠢᠲᠤ ᠲᠠᠯ᠎ᠠ ᠪᠠᠷ ᠢᠶᠠᠨ ᠮᠣᠩᠭᠤᠯ ᠤᠯᠤᠰ ᠲᠠᠢ ᠵᠠᠯᠭᠠᠯᠳᠤᠵᠤ᠂ ᠤᠯᠤᠰ ᠤᠨ ᠬᠢᠯᠢ ᠶᠢᠨ ᠱᠤᠭᠤᠮ ᠤᠨ ᠤᠷᠳᠤ ᠨᠢ | 527.6 ᠺᠢᠯᠤᠮᠥᠲᠷ ᠪᠠᠶᠢᠵᠤ᠂ ᠳᠡᠯᠡᠬᠡᠢ ᠶᠢᠨ ᠴᠢᠨᠠᠷᠲᠠᠢ ᠨᠢᠭᠡᠳᠦᠭᠡᠷ ᠲᠦᠷᠦᠯ ᠤᠨ ᠬᠠᠭᠤᠷᠠᠢ ᠵᠠᠮ ᠤᠨ ᠪᠣᠭᠤᠮᠲᠠ | ︱ ᠵᠡᠭᠦᠨ ᠬᠠᠲᠠᠪᠴᠢ ᠪᠣᠭᠤᠮᠲᠠ ᠪᠠᠶᠢᠵᠤ᠂ ᠬᠤᠰᠢᠭᠤᠨ ᠲᠦᠪ ᠤᠯᠢᠶᠠᠰᠤᠲᠠᠢ ᠪᠠᠯᠭᠠᠰᠤ ᠠᠴᠠ ᠤᠮᠠᠷᠠᠰᠢ 68 | ᠺᠢᠯᠤᠮᠥᠲᠷ ᠵᠠᠶᠢᠲᠠᠢ᠂ ᠮᠠᠨᠵᠤᠤᠷ᠂ ᠡᠷᠢᠶᠡᠨ ᠬᠤᠳᠠ ᠶᠢᠨ ᠳᠠᠷᠠᠭᠠᠬᠢ ᠡᠸᠦ᠋ᠷᠦᠫᠡ ᠠᠽᠢᠶ᠎ᠠ ᠶᠢᠨ ᠡᠬᠡ ᠬᠠᠭᠤᠷᠠᠢ ᠶᠢᠨ | ᠬᠥᠭᠦᠷᠭᠡ ᠶᠢ ᠬᠤᠯᠪᠣᠭᠰᠠᠨ ᠪᠠᠬᠢᠯᠡᠯᠲᠡ ᠪᠣᠯᠣᠨ᠎ᠠ᠃ 2007 ᠣᠨ ᠳᠤ᠂ ᠵᠡᠭᠦᠨ ᠦᠵᠦᠮᠦᠴᠢᠨ ᠬᠤᠰᠢᠭᠤᠨ ᠳᠤ 5 | ᠪᠠᠯᠭᠠᠰᠤ᠂ 4 ᠰᠤᠮᠤ᠂ 1 ᠤᠯᠤᠰ ᠤᠨ ᠣᠶ ᠰᠢᠭᠤᠢ ᠶᠢᠨ ᠲᠠᠯᠠᠪᠠᠶ ᠬᠠᠷᠢᠶᠠᠯᠠᠭᠳᠠᠵᠤ᠂ ᠮᠣᠩᠭᠤᠯ ᠦᠨᠳᠦᠰᠦᠲᠡᠨ ᠤ | ᠬᠥᠮᠥᠨ ᠠᠮᠠ 3.9 ᠲᠦᠮᠡ ᠪᠠᠶᠢᠵᠤ᠂ ᠪᠥᠬᠦ ᠬᠥᠮᠥᠨ ᠠᠮᠠ ᠶᠢᠨ 65% ᠶᠢ ᠡᠵᠡᠯᠡᠪᠡ᠃ | | 8. ᠲᠦᠩᠯᠢᠶᠣᠣ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ | ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠦᠪᠦᠷ ᠮᠤᠩᠭᠤᠯ᠂ ᠬᠢᠷᠢᠨ᠂ ᠯᠢᠶᠣᠤᠨᠢᠩ ᠭᠤᠷᠪᠠᠨ | ᠮᠤᠵᠢ ᠶᠢᠨ ᠠᠭᠤᠯᠵᠠᠷ ᠤᠨ ᠠᠯᠳᠠᠨ ᠭᠤᠷᠪᠠᠯᠵᠢᠨ ᠣᠷᠣᠨ ᠳᠤ ᠪᠠᠶᠢᠷᠢᠯᠠᠵᠤ᠂ ᠲᠦᠩᠯᠢᠶᠣᠣ ᠬᠤᠳᠠ ᠳᠤ | ᠬᠠᠷᠢᠶᠠᠯᠠᠭᠳᠠᠨ᠎ᠠ᠃ ᠣᠷᠣᠨ ᠪᠦᠰᠡ ᠶᠢᠨ ᠲᠠᠯᠠᠪᠠᠶ ᠨᠢ 9811 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃ | ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠲᠦᠩᠯᠢᠶᠣᠣ ᠬᠤᠲᠠ ᠳᠤ ᠬᠠᠷᠢᠶᠠᠯᠠᠭᠳᠠᠵᠤ᠂ ᠪᠦᠬᠦ ᠬᠥᠮᠥᠨ ᠠᠮᠠ | ᠨᠢ 54 ᠲᠦᠮᠡ ︵2010 ᠣᠨ︶ ᠪᠠᠶᠢᠨ᠎ᠠ᠃ ᠮᠣᠩᠭᠤᠯ ᠦᠨᠳᠦᠰᠦᠲᠡᠨ ᠤ ᠬᠥᠮᠥᠨ ᠠᠮᠠ 39.5 ᠲᠦᠮᠡ | ᠪᠠᠶᠢᠵᠤ᠂ ᠪᠦᠬᠦ ᠬᠥᠮᠥᠨ ᠠᠮᠠ ᠶᠢᠨ 73.6% ᠶᠢ ᠡᠵᠡᠯᠡᠨ᠎ᠡ᠃ | | 9. ᠰᠢᠯᠢ ᠶᠢᠨ ᠭᠤᠣᠯ ᠠᠶᠢᠮᠠᠭ ᠤᠨ ᠰᠥᠨᠢᠳ ᠵᠡᠭᠦᠨ ᠬᠤᠰᠢᠭᠤ | ᠰᠥᠨᠢᠳ ᠵᠡᠭᠦᠨ ᠬᠤᠰᠢᠭᠤ ᠪᠣᠯ ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠪᠠᠷᠠᠭᠤᠨ ᠬᠤᠶᠢᠲᠤ | ᠬᠡᠰᠡᠭ ᠲᠤ ᠪᠠᠶᠢᠳᠠᠭ᠃ ᠬᠤᠶᠢᠲᠤ ᠲᠠᠯ᠎ᠠ ᠪᠠᠷ ᠢᠶᠠᠨ ᠮᠣᠩᠭᠤᠯ ᠤᠯᠤᠰ ᠲᠠᠢ ᠵᠠᠬ᠎ᠠ ᠨᠡᠶᠢᠯᠡᠵᠦ᠂ ᠤᠯᠤᠰ ᠤᠨ | ᠬᠢᠯᠢ ᠶᠢᠨ ᠱᠤᠭᠤᠮ ᠤᠨ ᠣᠷᠳᠣ ᠨᠢ 316 ᠺᠢᠯᠣᠮᠧᠲᠷ ᠪᠠᠶᠢᠵᠤ᠂ ᠡᠮᠦᠨ᠎ᠡ ᠲᠠᠯ᠎ᠠ ᠪᠠᠷ ᠢᠶᠠᠨ ᠰᠢᠯᠤᠭᠤᠨ ᠬᠥᠪᠡᠭᠡᠲᠦ | ᠴᠠᠭᠠᠨ ᠬᠤᠰᠢᠭᠤ᠂ ᠰᠢᠯᠤᠭᠤᠨ ᠬᠥᠬᠡ ᠬᠤᠰᠢᠭᠤ ᠲᠠᠢ ᠵᠠᠬ᠎ᠠ ᠨᠡᠶᠢᠯᠡᠵᠦ᠂ ᠪᠠᠷᠠᠭᠤᠨ ᠲᠠᠯ᠎ᠠ ᠪᠠᠷ ᠢᠶᠠᠨ ᠰᠥᠨᠢᠳ | ᠪᠠᠷᠠᠭᠤᠨ ᠬᠤᠰᠢᠭᠤ᠂ ᠡᠷᠢᠶᠡᠨ ᠬᠤᠲᠠ ᠲᠠᠢ ᠵᠠᠯᠭᠠᠯᠳᠤᠵᠤ᠂ ᠵᠡᠭᠦᠨ ᠲᠠᠯ᠎ᠠ ᠪᠠᠷ ᠢᠶᠠᠨ ᠠᠪᠠᠭ᠎ᠠ ᠬᠤᠰᠢᠭᠤ ᠲᠠᠢ | ᠬᠥᠷᠰᠢᠯᠡᠵᠦ ᠪᠠᠶᠢᠨ᠎ᠠ᠃ ᠮᠣᠩᠭᠤᠯ ᠦᠨᠳᠦᠰᠦᠲᠡᠨ ᠢᠶᠠᠷ ᠭᠤᠣᠯ ᠴᠣᠭᠴᠠ ᠪᠣᠯᠭᠠᠭᠰᠠᠨ ᠴᠤᠯ ᠮᠠᠯ ᠠᠵᠤ | ᠠᠬᠤᠢ ᠶᠢᠨ ᠬᠢᠯᠢ ᠶᠢᠨ ᠬᠤᠰᠢᠭᠤ ᠪᠣᠯᠣᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠮᠠᠨᠳᠤᠯᠲᠤ | ᠪᠠᠯᠭᠠᠰᠤᠨ ᠳᠤ ᠪᠤᠢ᠃ ᠮᠣᠩᠭᠤᠯ ᠦᠨᠳᠦᠰᠦᠲᠡᠨ ᠤ ᠬᠥᠮᠥᠨ ᠠᠮᠠ 2.2 ᠲᠦᠮᠡ ᠪᠠᠶᠢᠵᠤ᠂ ᠪᠦᠬᠦ ᠬᠥᠮᠥᠨ ᠠᠮᠠ | ᠶᠢᠨ 64% ᠶᠢ ᠡᠵᠡᠯᠡᠵᠦ ᠪᠠᠶᠢᠨ᠎ᠠ᠃ | | 10. ᠲᠦᠩᠯᠢᠶᠣᠣ ᠶᠢᠨ ᠬᠦᠷᠢᠶ᠎ᠡ ᠬᠤᠰᠢᠭᠤ | ᠬᠦᠷᠢᠶ᠎ᠡ ᠬᠤᠰᠢᠭᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠩᠯᠢᠶᠣᠣ | ᠬᠤᠲᠠ ᠶᠢᠨ ᠬᠠᠷᠢᠶᠠᠨ ᠳᠠᠬᠢ ᠨᠢᠭᠡ ᠬᠤᠰᠢᠭᠤ ᠪᠣᠯᠣᠨ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ | ᠬᠦᠷᠢᠶ᠎ᠡ ᠪᠠᠯᠭᠠᠰᠤᠨ ᠳᠤ ᠰᠠᠭᠤᠳᠠᠭ᠃ ᠲᠦᠩᠯᠢᠶᠣᠣ ᠬᠤᠲᠠ ᠶᠢᠨ ᠪᠠᠷᠠᠭᠤᠨ ᠡᠮᠦᠨ᠎ᠡ ᠬᠡᠰᠡᠭ ᠲᠤ ᠪᠠᠶᠢᠷᠢᠯᠠᠳᠠᠭ᠃ | ᠵᠡᠭᠦᠨ ᠲᠠᠯ᠎ᠠ ᠪᠠᠷ ᠢᠶᠠᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠲᠠᠢ ᠬᠥᠷᠰᠢᠯᠡᠵᠦ᠂ ᠡᠮᠦᠨ᠎ᠡ | ᠲᠠᠯ᠎ᠠ ᠪᠠᠷ ᠢᠶᠠᠨ ᠯᠢᠶᠣᠤᠨᠢᠩ ᠮᠤᠵᠢ ᠶᠢᠨ ᠹᠦᠰᠢᠨ ᠤ ᠮᠣᠩᠭᠤᠯ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ ᠪᠠ | ᠵᠠᠩ ᠦ᠋ ᠰᠢᠶᠠᠨ ᠲᠠᠢ ᠵᠠᠯᠭᠠᠯᠳᠤᠵᠤ᠂ ᠪᠠᠷᠠᠭᠤᠨ ᠲᠠᠯ᠎ᠠ ᠪᠠᠷ ᠢᠶᠠᠨ ᠨᠠᠢᠮᠠᠨ ᠬᠤᠰᠢᠭᠤ ᠲᠠᠢ ᠵᠠᠯᠭᠠᠯᠳᠤᠵᠤ᠂ ᠬᠤᠶᠢᠲᠤ | ᠲᠠᠯ᠎ᠠ ᠪᠠᠷ ᠢᠶᠠᠨ ᠺᠠᠶᠢᠯᠤ ᠰᠢᠶᠠᠨ ᠲᠠᠢ ᠬᠥᠷᠰᠢᠯᠡᠵᠦ ᠪᠠᠶᠢᠨ᠎ᠠ᠃ ᠮᠣᠩᠭᠤᠯ ᠦᠨᠳᠦᠰᠦᠲᠡᠨ ᠤ ᠬᠥᠮᠥᠨ ᠠᠮᠠ 11. | 4 ᠲᠦᠮᠡ ᠪᠠᠶᠢᠵᠤ᠂ ᠪᠦᠬᠦ ᠬᠥᠮᠥᠨ ᠠᠮᠠ ᠶᠢᠨ 64% ᠶᠢ ᠡᠵᠡᠯᠡᠵᠦ ᠪᠠᠶᠢᠨ᠎ᠠ᠃ | | 11. ᠰᠢᠯᠢ ᠶᠢᠨ ᠭᠤᠣᠯ ᠠᠶᠢᠮᠠᠭ ᠤᠨ ᠬᠥᠪᠡᠭᠡᠲᠦ ᠰᠢᠷ᠎ᠠ ᠬᠤᠰᠢᠭᠤ | ᠬᠥᠪᠡᠭᠡᠲᠦ ᠰᠢᠷ᠎ᠠ ᠬᠤᠰᠢᠭᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ | ᠠᠶᠢᠮᠠᠭ ᠲᠤ ᠬᠠᠷᠢᠶᠠᠯᠠᠭᠳᠠᠬᠤ ᠨᠢᠭᠡ ᠬᠤᠰᠢᠭᠤ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠤᠮᠳᠠ ᠬᠡᠰᠡᠭ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠡᠮᠦᠨ᠎ᠡ ᠵᠠᠬ᠎ᠠ ᠳᠤ ᠪᠠᠶᠢᠷᠢᠯᠠᠵᠤ᠂ ᠬᠤᠶᠢᠲᠤ ᠬᠡᠰᠡᠭ | ᠨᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠪᠠᠷᠠᠭᠤᠨ ᠡᠮᠦᠨ᠎ᠡ ᠵᠠᠬ᠎ᠠ ᠳᠤ ᠪᠠᠶᠢᠷᠢᠯᠠᠵᠤ᠂ ᠮᠠᠯ ᠠᠵᠤ | ᠠᠬᠤᠢ ᠪᠠᠷ ᠭᠤᠣᠯ ᠴᠣᠭᠴᠠ ᠪᠣᠯᠭᠠᠭᠰᠠᠨ ᠴᠡᠪᠡᠷ ᠮᠠᠯᠵᠢᠯ ᠤᠨ ᠬᠤᠰᠢᠭᠤ ᠪᠣᠯᠣᠨ᠎ᠠ᠃ ᠪᠥᠬᠦ ᠬᠤᠰᠢᠭᠤᠨ ᠤ | ᠶᠡᠷᠦᠩᠬᠡᠢ ᠲᠠᠯᠠᠪᠠᠶ 4960 ᠲᠡᠭᠰᠢ ᠳᠥᠷᠪᠡᠯᠵᠢᠨ ᠺᠢᠯᠣᠮᠧᠲᠷ᠃ 2006 ᠣᠨ ᠳᠤ᠂ ᠬᠥᠪᠡᠭᠡᠲᠦ ᠰᠢᠷ᠎ᠠ | ᠬᠤᠰᠢᠭᠤᠨ ᠳᠤ 2 ᠪᠠᠯᠭᠠᠰᠤ᠂ 1 ᠰᠤᠮᠤ ᠬᠠᠷᠢᠶᠠᠯᠠᠭᠳᠠᠪᠠ᠄ ᠲᠠᠷᠤᠢ ᠰᠢᠨ᠎ᠡ ᠪᠤᠯᠠᠭ ᠪᠠᠯᠭᠠᠰᠤ᠂ ᠪᠠᠶᠠᠨᠲᠠᠯ᠎ᠠ | ᠪᠠᠯᠭᠠᠰᠤ ᠪᠠ ᠣᠩᠨᠢᠭᠤᠯ ᠠᠭᠤᠯᠠ ᠰᠤᠮᠤ ᠪᠤᠯᠤᠨ᠎ᠠ᠂ ᠡᠭᠦᠨ ᠳᠤ ᠰᠢᠨ᠎ᠡ ᠪᠤᠯᠠᠭ ᠪᠠᠯᠭᠠᠰᠤ ᠪᠣᠯ ᠬᠤᠰᠢᠭᠤᠨ ᠤ | ᠵᠠᠰᠠᠭ ᠤᠨ ᠣᠷᠳᠣᠨ ᠤ ᠰᠠᠭᠤᠭ᠎ᠠ ᠭᠠᠵᠠᠷ ᠪᠣᠯᠣᠨ᠎ᠠ᠃ ᠮᠣᠩᠭᠤᠯ ᠦᠨᠳᠦᠰᠦᠲᠡᠨ ᠤ ᠬᠥᠮᠥᠨ ᠠᠮᠠ 2 ᠲᠦᠮᠡ | ᠪᠠᠶᠢᠵᠤ᠂ ᠪᠦᠬᠦ ᠬᠥᠮᠥᠨ ᠠᠮᠠ ᠶᠢᠨ 63% ᠶᠢ ᠡᠵᠡᠯᠡᠨ᠎ᠡ᠃ | | 12. ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤ | ᠠᠪᠠᠭ᠎ᠠ ᠬᠤᠰᠢᠭᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ | ᠠᠶᠢᠮᠠᠭ ᠤᠨ ᠬᠠᠷᠢᠶᠠᠨ ᠳᠠᠬᠢ ᠨᠢᠭᠡ ᠬᠤᠰᠢᠭᠤ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠯᠢ ᠶᠢᠨ ᠭᠤᠣᠯ ᠠᠶᠢᠮᠠᠭ ᠤᠨ ᠳᠤᠮᠳᠠ ᠬᠤᠶᠢᠲᠤ ᠬᠡᠰᠡᠭ ᠲᠤ ᠪᠠᠶᠢᠷᠢᠯᠠᠵᠤ᠂ ᠬᠤᠶᠢᠲᠤ ᠲᠠᠯ᠎ᠠ ᠪᠠᠷ ᠢᠶᠠᠨ ᠮᠣᠩᠭᠤᠯ | ᠤᠯᠤᠰ ᠲᠠᠢ 175 ᠺᠢᠯᠣᠮᠧᠲᠷ ᠤᠨ ᠬᠢᠯᠢ ᠶᠢᠨ ᠱᠤᠭᠤᠮ ᠲᠠᠢ᠂ ᠵᠡᠭᠦᠨ ᠲᠠᠯ᠎ᠠ ᠪᠠᠷ ᠢᠶᠠᠨ ᠰᠢᠯᠢᠩᠬᠤᠲᠠ᠂ ᠵᠡᠭᠦᠨ | ᠦᠵᠦᠮᠦᠴᠢᠨ ᠬᠤᠰᠢᠭᠤ ᠲᠠᠢ ᠬᠥᠷᠰᠢᠯᠡᠵᠦ᠂ ᠪᠠᠷᠠᠭᠤᠨ ᠲᠠᠯ᠎ᠠ ᠪᠠᠷ ᠢᠶᠠᠨ ᠰᠥᠨᠢᠳ ᠵᠡᠭᠦᠨ ᠬᠤᠰᠢᠭᠤ ᠲᠠᠢ | ᠵᠠᠯᠭᠠᠯᠳᠤᠵᠤ᠂ ᠡᠮᠦᠨ᠎ᠡ ᠲᠠᠯ᠎ᠠ ᠪᠠᠷ ᠢᠶᠠᠨ ᠰᠢᠯᠤᠭᠤᠨ ᠬᠥᠬᠡ ᠬᠤᠰᠢᠭᠤ ᠲᠠᠢ ᠬᠥᠷᠰᠢᠯᠡᠵᠦ ᠪᠠᠶᠢᠳᠠᠭ᠃ ᠮᠣᠩᠭᠤᠯ | ᠦᠨᠳᠦᠰᠦᠲᠡᠨ ᠤ ᠬᠥᠮᠥᠨ ᠠᠮᠠ 2.4 ᠲᠦᠮᠡ ᠪᠠᠶᠢᠵᠤ᠂ ᠪᠦᠬᠦ ᠬᠥᠮᠥᠨ ᠠᠮᠠ ᠶᠢᠨ 54% ᠶᠢ ᠡᠵᠡᠯᠡᠵᠦ | ᠪᠠᠶᠢᠨ᠎ᠠ᠃ | | 13. ᠲᠦᠩᠯᠢᠶᠣᠣ ᠬᠤᠳᠠ ᠶᠢᠨ ᠵᠠᠷᠤᠳ ᠬᠤᠰᠢᠭᠤ | ᠵᠠᠷᠤᠳ ᠪᠣᠯ ᠮᠣᠩᠭᠤᠯ ᠦᠨᠳᠦᠰᠦᠲᠡᠨ ᠤ ᠠᠶᠢᠮᠠᠭ ᠤᠨ ᠨᠡᠷ᠎ᠡ ᠪᠤᠯᠤᠨ᠎ᠠ᠃ ᠥᠪᠥᠷ ᠮᠣᠩᠭᠤᠯ ᠤᠨ | ᠲᠦᠩᠯᠢᠶᠣᠣ ᠬᠤᠲᠠ ᠶᠢᠨ ᠪᠠᠷᠠᠭᠤᠨ ᠬᠤᠶᠢᠲᠤ ᠬᠡᠰᠡᠭ ᠲᠤ ᠪᠠᠶᠢᠷᠢᠯᠠᠵᠤ᠂ ᠵᠠᠷᠤᠳ ᠬᠤᠰᠢᠭᠤᠨ ᠤ ᠪᠥᠬᠦ ᠬᠥᠮᠥᠨ | ᠠᠮᠠ 30.3 ᠲᠦᠮᠡ ︵2003 ᠣᠨ︶᠂ ᠮᠣᠩᠭᠤᠯ ᠦᠨᠳᠦᠰᠦᠲᠡᠨ ᠤ ᠬᠥᠮᠥᠨ ᠠᠮᠠ 15 ᠲᠦᠮᠡ ᠪᠠᠶᠢᠵᠤ᠂ | ᠪᠥᠬᠦ ᠬᠥᠮᠥᠨ ᠠᠮᠠ ᠶᠢᠨ 49.2% ᠢ ᠡᠵᠡᠯᠡᠨ᠎ᠡ᠃ | | 14. ᠤᠯᠠᠭᠠᠨᠬᠠᠳᠠ ᠶᠢᠨ ᠪᠠᠭᠠᠷᠢᠨ ᠪᠠᠷᠠᠭᠤᠨ ᠬᠤᠰᠢᠭᠤ | ᠪᠠᠭᠠᠷᠢᠨ ᠪᠠᠷᠠᠭᠤᠨ ᠬᠤᠰᠢᠭᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ | ᠬᠤᠲᠠ ᠶᠢᠨ ᠬᠤᠶᠢᠲᠤ ᠬᠡᠰᠡᠭ ᠲᠤ ᠪᠠᠶᠢᠷᠢᠯᠠᠵᠤ᠂ ᠬᠤᠷᠴᠢᠨ ᠤ ᠲᠠᠯ᠎ᠠ ᠨᠤᠲᠤᠭ ᠤᠨ ᠴᠢᠬᠤᠯᠠ ᠪᠦᠷᠢᠯᠳᠦᠭᠦᠨ ᠬᠡᠰᠡᠭ | ᠪᠣᠯᠣᠨ᠎ᠠ᠃ ᠪᠥᠬᠦ ᠬᠤᠰᠢᠭᠤᠨ ᠤ ᠶᠡᠷᠦᠩᠬᠡᠢ ᠲᠠᠯᠠᠪᠠᠶ ᠨᠢ 10256 ᠲᠡᠭᠰᠢ ᠳᠥᠷᠪᠡᠯᠵᠢᠨ ᠺᠢᠯᠣᠮᠧᠲᠷ᠂ ᠬᠥᠮᠥᠨ | ᠠᠮᠠ ᠨᠢ 17.55 ᠲᠦᠮᠡ ︵2010 ᠣᠨ ᠤ ᠰᠡᠭᠦᠯᠴᠢ︶ ᠪᠠᠶᠢᠵᠤ᠂ 16 ᠰᠤᠮᠤ ᠰᠢᠶᠠᠩ ᠪᠠᠯᠭᠠᠰᠤ ᠶᠢ | ᠬᠠᠷᠢᠶᠠᠯᠠᠵᠤ᠂ ᠮᠠᠯ ᠠᠵᠤ ᠠᠬᠤᠢ ᠪᠠᠷ ᠭᠤᠣᠯ ᠪᠣᠯᠭᠠᠭᠰᠠᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠬᠤᠰᠢᠭᠤ | ᠪᠣᠯᠣᠨ᠎ᠠ᠃ ᠮᠣᠩᠭᠤᠯ ᠦᠨᠳᠦᠰᠦᠲᠡᠨ ᠤ ᠬᠥᠮᠥᠨ ᠠᠮᠠ 9 ᠲᠦᠮᠡ ᠪᠠᠶᠢᠵᠤ᠂ ᠪᠦᠬᠦ ᠬᠥᠮᠥᠨ ᠠᠮᠠ ᠶᠢᠨ 48. | 3% ᠶᠢ ᠡᠵᠡᠯᠡᠨ᠎ᠡ ᠃ | | ᠵᠡᠭᠦᠯᠲᠡ᠄ ᠵᠠᠷᠤᠳ ᠬᠤᠰᠢᠭᠤᠤ᠂ ᠪᠠᠭᠠᠷᠢᠨ ᠪᠠᠷᠠᠭᠤᠨ ᠬᠤᠰᠢᠭᠤᠨ ᠤ ᠮᠣᠩᠭᠤᠯ ᠦᠨᠳᠦᠰᠦᠲᠡᠨ ᠤ ᠬᠥᠮᠥᠨ | ᠠᠮᠠ ᠶᠢᠨ ᠡᠵᠡᠯᠡᠬᠦ ᠬᠠᠷᠢᠴᠠᠯ ᠨᠢ ᠬᠡᠳᠦᠶᠢᠪᠡᠷ ᠬᠠᠭᠠᠰ ᠲᠤᠭ᠎ᠠ ᠶᠢ ᠳᠠᠪᠠᠭᠰᠠᠨ ᠦᠭᠡᠢ ᠪᠣᠯᠪᠠᠴᠤ ᠮᠥᠨ ᠬᠦ | ᠲᠤᠬᠠᠢ ᠶᠢᠨ ᠭᠠᠵᠠᠷ ᠤᠨ ᠬᠥᠮᠥᠨ ᠠᠮᠠ ᠪᠠᠷ ᠬᠠᠮᠤᠭ ᠤᠨ ᠣᠯᠠᠨ ᠦᠨᠳᠦᠰᠦᠲᠡᠨ ᠪᠣᠯᠣᠨ᠎ᠠ᠃ | | |