︽ᠵᠢᠷᠭᠤᠭᠠᠨ ᠥᠭᠦᠯᠡᠪᠦᠷᠢ︾ ᠶᠢᠨ ᠠᠭᠤᠯᠭ᠎ᠠ ᠪᠠ ᠶᠣᠰᠣ ᠤᠴᠢᠷ ᠢ ᠭᠦᠨᠵᠡᠭᠡᠢ ᠣᠶᠢᠯᠠᠭᠠᠬᠤ ᠬᠡᠷᠡᠭᠲᠡᠢ ︵ᠭᠤᠷᠪᠠ︶
ᠨᠡᠶᠢᠲᠡᠯᠡᠭᠰᠡᠨ ᠴᠠᠭ᠄
2024/3/6
     ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ      ᠳᠡᠮᠵᠢᠯᠭᠡ ᠳᠣᠣᠷ᠎ᠠ ᠬᠥᠭᠵᠢᠵᠦ ᠢᠷᠡᠭᠰᠡᠨ ᠶᠤᠮ               ᠠᠯᠢ ᠡᠷᠲᠡ ︽ᠠᠩᠬᠠᠳᠤᠭᠠᠷ ᠲᠠᠪᠤᠨ ᠵᠢᠯ︾ ᠤᠨ ᠲᠦᠩᠯᠦᠪᠵᠢᠭᠦᠯᠭᠡ ᠶᠢᠨ ᠬᠤᠭᠤᠴᠠᠭᠠᠨ ᠳᠤ᠂ ᠤᠯᠤᠰ ᠠᠴᠠ ᠥᠪᠥᠷ ᠮᠣᠩᠭᠤᠯ ᠳᠤ ᠪᠡᠯᠡ ᠣᠷᠣᠭᠤᠯᠤᠨ ᠦᠢᠯᠡᠳᠪᠦᠷᠢ ᠪᠠᠶᠢᠭᠤᠯᠬᠤ᠂ ᠲᠡᠮᠦᠷ ᠵᠠᠮ ᠵᠠᠰᠠᠬᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ 10 ᠭᠠᠷᠤᠢ ᠳ᠋ᠦᠩᠰᠢᠭᠤᠷ ᠲᠥᠭᠦᠷᠢᠭ ᠬᠦᠷᠴᠦ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ᠂ ᠨᠢᠭᠡᠳᠦᠭᠡᠷ ᠮᠧᠬᠠᠨᠢᠭ᠂ ᠬᠤᠶᠠᠳᠤᠭᠠᠷ ᠮᠧᠬᠠᠨᠢᠭ᠂ ᠶᠡᠭᠡ ᠬᠢᠩᠭᠠᠨ ᠳᠠᠪᠠᠭ᠎ᠠ ᠶᠢᠨ ᠤᠢ ᠰᠢᠭᠤᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠪᠦᠷ ᠲᠡᠷᠡ ᠦᠶ᠎ᠡ ᠳᠤ ᠡᠬᠢᠯᠡᠨ ᠪᠦᠲᠦᠭᠡᠨ ᠪᠠᠶᠢᠭᠤᠯᠤᠭᠰᠠᠨ ᠶᠤᠮ᠃     20 ᠳ᠋ᠤᠭᠠᠷ ᠵᠠᠭᠤᠨ ᠤ ᠵᠢᠷᠠᠭᠠᠳ ᠣᠨ ᠪᠣᠯᠬᠤ ᠳᠤ᠂ ᠤᠯᠤᠰ ᠠᠴᠠ ᠪᠠᠰᠠ ᠳᠠᠯᠠᠢ ᠳᠠᠭᠠᠤ ᠣᠷᠣᠨ ᠠᠴᠠ ᠥᠪᠥᠷ ᠮᠣᠩᠭᠤᠯ ᠳᠤ ᠨᠢᠭᠡ ᠪᠦᠯᠦᠭ ᠦᠢᠯᠡᠳᠪᠦᠷᠢ ᠨᠡᠭᠦᠨ ᠢᠷᠡᠪᠡ᠃ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠳᠡᠮᠵᠢᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠪᠠ᠃ 1996 ᠣᠨ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠡᠭᠡᠵᠢᠩ ᠠᠴᠠ ᠥᠪᠥᠷ ᠮᠣᠩᠭᠤᠯ ᠢ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠪᠠᠷ ᠲᠤᠭᠳᠠᠭᠠᠪᠠ᠃ ᠰᠢᠨ᠎ᠡ ᠵᠠᠭᠤᠨ ᠳᠤ ᠣᠷᠣᠭᠰᠠᠨ ᠤ ᠲᠠᠷᠠᠭ᠎ᠠ᠂ ᠨᠠᠮ ᠤᠨ ᠲᠥᠪ ᠬᠤᠷᠢᠶ᠎ᠠ ᠠᠴᠠ ︽ᠤᠮᠠᠷᠠᠲᠤ ᠶᠢᠨ ᠭᠤᠷᠪᠠᠨ ᠣᠷᠣᠨ︾ ᠢ ᠰᠤᠨᠳᠠᠯᠠᠭᠰᠠᠨ ᠥᠪᠥᠷ ᠮᠣᠩᠭᠤᠯ ᠢ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠵᠠᠢ︔ 2011 ᠣᠨ ᠳᠤ ᠪᠠᠰᠠ ︽ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠰᠠᠶᠢᠨ ᠪᠥᠭᠡᠳ ᠲᠦᠷᠭᠡᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠢ ᠲᠤᠰᠬᠠᠶᠢᠯᠠᠨ ᠨᠡᠶᠢᠲᠡᠯᠡᠪᠡ᠃ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠢ ᠬᠠᠯᠠᠮᠵᠢᠯᠠᠵᠤ ᠪᠠᠶᠢᠭ᠎ᠠ ᠨᠢ ᠴᠥᠮ ︽ᠦᠨᠡᠨ ᠠᠯᠲᠠ ᠮᠥᠩᠭᠦ︾ ᠶᠢᠨ ᠳᠡᠮᠵᠢᠯᠭᠡ ᠪᠣᠯᠣᠨ᠎ᠠ᠃ ᠪᠦᠷᠢᠳᠬᠡᠯ ᠢ ᠦᠨᠳᠦᠰᠦᠯᠡᠪᠡᠯ᠂ ᠭᠠᠶᠢᠯᠢ  ᠬᠤᠪᠢᠶᠠᠬᠤ ᠳᠦᠷᠢᠮ ᠤᠨ ᠥᠭᠡᠷᠡᠴᠢᠯᠡᠯᠲᠡ ᠠᠴᠠ ᠨᠠᠰᠢ᠂ 1995 ︱ 2021 ᠣᠨ ᠳᠤ ᠮᠠᠨ ᠤ ᠣᠷᠣᠨ ᠲᠥᠪ ᠤᠨ ᠰᠢᠯᠵᠢᠭᠦᠯᠦᠨ ᠥᠭᠬᠦ ᠪᠡᠯᠡ ᠮᠥᠩᠭᠦ ᠶᠢ ᠨᠡᠶᠢᠲᠡ 2.86 ᠲᠦᠮᠡᠨ ᠳ᠋ᠦᠩᠰᠢᠭᠤᠷ ᠲᠥᠭᠦᠷᠢᠭ ᠣᠯᠵᠤ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠲᠥᠪ ᠠᠴᠠ ᠮᠠᠨ ᠤ ᠣᠷᠣᠨ ᠳᠤ ᠰᠢᠯᠵᠢᠭᠦᠯᠦᠨ ᠥᠭᠬᠦ ᠪᠡᠯᠡ ᠮᠥᠩᠭᠦ 2012 ᠣᠨ ᠳᠤ 1618.5 ᠳ᠋ᠦᠩᠰᠢᠭᠤᠷ ᠲᠥᠭᠦᠷᠢᠭ ᠪᠠᠶᠢᠭᠰᠠᠨ ᠠᠴᠠ ᠵᠢᠯ ᠳᠠᠷᠠᠭᠠᠯᠠᠨ ᠨᠡᠮᠡᠭᠳᠡᠬᠦᠯᠵᠦ᠂ 2022 ᠣᠨ ᠳᠤ 3279.7 ᠳ᠋ᠦᠩᠰᠢᠭᠤᠷ ᠲᠥᠭᠦᠷᠢᠭ ᠪᠣᠯᠭᠠᠨ ᠨᠡᠮᠡᠭᠳᠡᠭᠦᠯᠵᠦ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠲᠦᠮᠡᠨ ᠤ ᠠᠵᠠ ᠵᠢᠷᠭᠠᠯ ᠤᠨ ᠳᠡᠭᠡᠭᠰᠢᠯᠡᠯᠲᠡ ᠶᠢ ᠰᠢᠭᠤᠳ ᠳᠠᠶᠢᠴᠢᠯᠠᠭᠰᠠᠨ ᠪᠠᠶᠢᠨ᠎ᠠ᠃     ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠄ ︽ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠦᠶ᠎ᠡ ᠳᠤ᠂ ᠨᠠᠮ ᠤᠨ ᠲᠥᠪ ᠬᠤᠷᠢᠶ᠎ᠠ ᠠᠴᠠ ᠲᠥᠪ ᠤᠨ ᠤᠳᠤᠷᠢᠳᠬᠤ ᠨᠥᠬᠦᠳ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠂ ᠴᠥᠭᠡᠨ ᠲᠣᠭᠠᠲᠤ ᠦᠨᠳᠦᠰᠦᠲᠡᠨ ᠤ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠢ ᠰᠣᠩᠭᠤᠵᠤ ᠰᠣᠩᠭᠤᠭᠤᠯᠢ ᠳᠤ ᠣᠷᠣᠯᠴᠠᠪᠠᠯ ᠵᠣᠬᠢᠨ᠎ᠠ ᠭᠡᠵᠦ ᠳᠤᠷᠠᠳᠴᠠᠢ᠃ ᠪᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠰᠣᠩᠭᠤᠵᠤ ᠰᠣᠩᠭᠤᠭᠤᠯᠢ ᠳᠤ ᠣᠷᠣᠯᠴᠠᠭᠰᠠᠨ ᠨᠢ ᠨᠠᠮ ᠤᠨ ᠲᠥᠪ ᠬᠤᠷᠢᠶ᠎ᠠ ᠠᠴᠠ ᠦᠨᠳᠦᠰᠦᠲᠡᠨ ᠤ ᠬᠢᠯᠢ ᠬᠢᠵᠠᠭᠠᠷ ᠣᠷᠣᠨ ᠢ ᠴᠢᠬᠤᠯᠠᠴᠢᠯᠠᠵᠤ ᠪᠠᠶᠢᠬᠤ ᠶᠢ ᠢᠯᠡᠳᠬᠡᠵᠦ᠂ ᠨᠠᠮ ᠤᠨ ᠲᠥᠪ ᠬᠤᠷᠢᠶᠠᠨ ᠤ ᠬᠥᠭᠵᠢᠯᠲᠡ ᠪᠠᠷ ᠠᠨᠠᠢ ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠨ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠡᠷᠡᠰ ᠵᠣᠷᠢᠭ ᠢ ᠢᠯᠡᠷᠡᠭᠦᠯᠵᠡᠢ︾ ᠭᠡᠵᠦ ᠬᠡᠯᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠬᠠᠯᠠᠮᠵᠢᠯᠠᠯ ᠪᠠ ᠳᠡᠮᠵᠢᠯᠭᠡ ᠳᠣᠣᠷ᠎ᠠ᠂ ᠥᠪᠥᠷ ᠮᠣᠩᠭᠤᠯ ᠤᠨ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠪᠦᠬᠦᠨ ᠢᠶᠠᠷ ᠢᠶᠠᠨ ᠶᠠᠳᠠᠭᠤ ᠠᠴᠠ ᠰᠠᠯᠵᠤ᠂ 157 ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠪᠦᠬᠦ ᠣᠷᠣᠨ ᠤ ᠬᠥᠮᠥᠨ ᠳᠤᠮᠳᠠᠴᠢ GDP 1 ᠲᠦᠮᠡᠨ ᠳ᠋ᠣᠯᠯᠠᠷ ᠢ ᠳᠠᠪᠠᠵᠤ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠰᠢᠨ᠎ᠡ ᠲᠡᠦᠬᠡ ᠶᠢᠨ ᠳᠡᠭᠲᠡᠷ ᠲᠤ ᠭᠠᠷᠪᠠ᠃     2023 ᠣᠨ ᠤ 10 ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾  ᠢ ᠳᠠᠷᠤᠮᠠᠯᠯᠠᠨ ᠲᠠᠷᠬᠠᠭᠠᠪᠠ᠃ ᠡᠨᠡ ᠪᠣᠯ 2023 ᠣᠨ ᠳᠤ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠭᠰᠠᠨ ᠤ ᠳᠠᠷᠠᠭᠠᠬᠢ ᠥᠪᠥᠷ ᠮᠣᠩᠭᠤᠯ ᠤᠨ ᠪᠠᠰᠠ ᠨᠢᠭᠡᠨ ᠶᠡᠭᠡ ᠪᠠᠶᠠᠷᠲᠤ ᠶᠠᠪᠤᠳᠠᠯ ᠪᠣᠯᠣᠨ᠎ᠠ᠂ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠤ ᠬᠥᠰᠢᠶ᠎ᠡ ᠳᠤᠷᠠᠰᠬᠠᠯ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ ︽ᠰᠠᠨᠠᠯ︾ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠳᠡᠮᠵᠢᠵᠦ᠂ ︽ᠲᠠᠪᠤᠨ ᠶᠡᠭᠡ ᠡᠭᠦᠷᠭᠡ︾ ᠶᠢ ᠲᠦᠷᠭᠡᠪᠴᠢᠯᠡᠨ ᠨᠠᠶᠢᠳᠠᠪᠤᠷᠢᠵᠢᠭᠤᠯᠵᠤ᠂ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠬᠦᠷᠬᠦ︾ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠳᠣᠷᠬᠠᠢ ᠲᠣᠭᠲᠠᠭᠠᠪᠠ᠂ ᠡᠨᠡ ᠪᠣᠯ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠮᠥᠨ᠃ ︽ᠰᠠᠨᠠᠯ︾ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠨᠠᠮ ᠤᠨ ᠲᠥᠪ ᠬᠤᠷᠢᠶ᠎ᠠ ᠠᠴᠠ ᠨᠡᠶᠢᠲᠡᠯᠡᠭᠰᠡᠨ ᠬᠢᠯᠢ ᠬᠢᠵᠠᠭᠠᠷ ᠣᠷᠣᠨ ᠳᠤ ᠬᠠᠨᠳᠤᠭᠤᠯᠤᠭᠰᠠᠨ ᠴᠣᠷ ᠤᠨ ᠭᠠᠭᠴᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠤᠯᠭᠤᠷ ᠪᠢᠴᠢᠭ ᠮᠥᠨ᠂ ᠪᠤᠳᠠᠳᠤ ᠴᠢᠨᠡᠷ ᠳᠦᠭᠦᠷᠡᠩ᠂ ᠠᠯᠲᠠᠨ ᠤ ᠠᠭᠤᠯᠤᠭᠳᠠᠴᠠ ᠪᠠᠷ ᠭᠦᠢᠴᠡᠳ ᠪᠠᠶᠢᠵᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠬᠠᠷᠠᠭᠤᠯᠵᠤ ᠪᠠᠶᠢᠨ᠎ᠠ᠃     ︽ᠰᠠᠨᠠᠯ︾ ᠳᠤ ᠲᠤᠯᠤᠭᠠᠨ ᠲᠠᠯ᠎ᠠ ᠶᠢᠨ ᠭᠤᠣᠯ ᠡᠭᠦᠷᠭᠡ ᠶᠢ ᠪᠠᠶᠢᠷᠢᠯᠠᠭᠤᠯᠪᠠ᠃ ᠨᠢᠭᠡ ᠳᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ ᠬᠤᠶᠠᠷ ᠲᠤ᠂ ᠠᠵᠤ ᠦᠢᠯᠡᠰ ᠤᠨ ᠪᠦᠲᠦᠴᠡ ᠶᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠨ ᠰᠢᠯᠢᠳᠡᠭᠵᠢᠭᠦᠯᠬᠦ ᠶᠢ ᠠᠬᠢᠭᠤᠯᠵᠤ᠂ ᠤᠯᠠᠨ ᠡᠰᠢᠴᠢᠯᠡᠨ ᠬᠥᠭᠵᠢᠭᠰᠡᠨ᠂ ᠤᠯᠠᠨ ᠲᠤᠶᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠭᠤᠷᠪᠠ ᠳᠤ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠨ᠎ᠡ᠃ ᠳᠥᠷᠪᠡ ᠳᠤ ᠂ ᠰᠢᠨ᠎ᠡ ᠬᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠲᠠᠪᠤ ᠳᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠢᠷᠭᠤᠭ᠎ᠠ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠢᠳᠡᠪᠬᠢᠲᠡᠢ ᠠᠭᠤᠰᠤᠯᠴᠠᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠤᠨ᠎ᠠ᠃ ᠲᠤᠯᠤᠭ᠎ᠠ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃     ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠭᠰᠠᠨ ᠤ ᠲᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶᠠᠨ ᠤ ᠳᠣᠲᠣᠨᠣ ᠬᠠᠯᠠᠮᠵᠢᠯᠠᠯ ᠳᠣᠣᠷ᠎ᠠ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠬᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤᠪᠠᠷ ᠪᠦᠲᠦᠭᠡᠨ ᠪᠠᠶᠢᠭᠤᠯᠬᠤ ᠢᠷᠠᠭᠤ ᠭᠠᠶᠢᠬᠠᠮᠰᠢᠭᠲᠤ ᠬᠠᠭᠤᠳᠠᠰᠤ ᠶᠢ ᠬᠠᠮᠲᠤᠪᠠᠷ ᠪᠢᠴᠢᠭᠯᠡᠭᠰᠡᠨ ᠪᠠᠶᠢᠨ᠎ᠠ᠃ ᠥᠪᠥᠷ ᠮᠣᠩᠭᠤᠯ ᠠᠵᠤ ᠠᠬᠤᠢ ᠨᠡᠶᠢᠭᠡᠮ ᠵᠡᠷᠭᠡ ᠲᠠᠯ᠎ᠠ ᠪᠠᠷ ᠰᠢᠨ᠎ᠡ ᠳᠡᠭᠲᠡᠷ ᠲᠤ ᠭᠠᠷᠴᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠵᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号