ᠮᠤᠩᠭᠤᠯ ᠦᠡᠳᠦᠰᠦᠳᠡᠨ ᠤ ᠤᠯᠠᠮᠵᠢᠯᠠᠯᠳᠤ ᠶᠠᠰᠤ ᠵᠠᠰᠠᠬᠤ ᠮᠡᠷᠭᠡᠵᠢᠯ ᠪᠣᠯ ᠬᠤᠷᠴᠢᠨ ᠵᠡᠭᠦᠨ ᠭᠠᠷᠤᠨ | ᠬᠤᠶᠢᠳᠤ ᠬᠤᠰᠢᠭᠤᠨ ᠳᠤ ᠤᠡᠴᠠ ᠪᠠᠶᠢᠳᠠᠭ ᠤᠯᠠᠮᠵᠢᠯᠠᠯᠳᠤ ᠶᠠᠰᠤ ᠵᠠᠰᠠᠬᠤ ᠮᠡᠷᠭᠡᠵᠢᠯ ᠪᠠᠶᠢᠭ᠎ᠠ ᠶᠤᠮ᠃ ᠲᠠᠤᠬᠡᠨ | ᠲᠡᠮᠳᠡᠭᠯᠡᠯ ᠢ ᠦᠡᠳᠦᠰᠦᠯᠡᠪᠡᠯ᠂ ᠶᠠᠰᠤ ᠵᠠᠰᠠᠬᠤ ᠮᠡᠷᠭᠡᠵᠢᠯ ᠪᠣᠯ ᠪᠦᠬᠡ ᠶᠢᠨ ᠱᠠᠰᠢᠨ ᠠᠴᠠ ᠡᠭᠦᠰᠦᠯᠳᠡᠢ ᠭᠡᠵᠦ | ᠲᠤᠳᠤᠷᠬᠠᠢ ᠲᠡᠮᠳᠡᠭᠯᠡᠵᠦ ᠪᠠᠶᠢᠳᠠᠭ᠃ ᠬᠤᠶᠠᠷ ᠵᠠᠭᠤ ᠭᠠᠷᠤᠢ ᠵᠢᠯ ᠤᠨ ᠡᠮᠤᠨ᠎ᠡ᠂ ᠨᠢᠭᠡᠨ ᠹᠦ᠋ ᠣᠪᠤᠭᠲᠤ ᠢᠳᠤᠭᠠᠨ | ᠠᠶᠤᠯ ᠠᠴᠠ ᠵᠠᠶᠢᠯᠠᠨ᠂ ᠠᠵᠤ ᠲᠦᠷᠦᠵᠦ ᠠᠮᠢᠳᠤᠷᠠᠬᠤ ᠶᠢᠨ ᠲᠦᠯᠦᠬᠡ ᠬᠤᠷᠴᠢᠨ ᠵᠡᠭᠦᠨ ᠭᠠᠷᠤᠨ ᠬᠤᠶᠢᠳᠤ | ᠬᠤᠰᠢᠭᠤᠨ ᠳᠤ ᠨᠡᠬᠦᠳᠡᠯᠯᠡᠨ ᠢᠷᠡᠵᠦ ᠦᠷᠭᠦᠯᠵᠢᠯᠡᠨ ᠢᠳᠤᠭᠠᠨ ᠤ ᠮᠡᠷᠭᠡᠵᠢᠯ ᠰᠤᠷᠤᠭᠠᠳ《 ᠶᠢᠰᠦ ᠶᠢᠰᠦ ᠨᠠᠶᠠᠨ | ᠨᠢᠭᠡᠨ ᠳᠠᠪᠠᠭ᠎ᠠ》ᠲᠠᠪᠠᠵᠤ ᠨᠡᠷᠡᠲᠦ ᠢᠳᠤᠭᠠᠨ ᠪᠣᠯᠵᠠᠢ᠃ ᠲᠡᠬᠦᠨ ᠤ ᠨᠡᠷ᠎ᠡ ᠨᠢ ᠨᠠᠷᠠᠨ ᠭᠡᠳᠡᠭ᠃ ᠲᠡᠷᠡ ᠠᠷᠪᠠᠨ | ᠨᠠᠢᠮᠠᠨ ᠨᠠᠰᠤᠨ ᠳᠤ ᠪᠠᠨ ᠮᠢᠩᠭᠠᠨ ᠨᠣᠶᠠᠨ ᠤ ᠬᠤᠶᠢᠴᠢ ᠲᠡᠩᠬᠡᠯᠢᠭ ᠪᠠᠶᠠᠨ ᠳᠤ ᠮᠣᠷᠳᠠᠭᠰᠠᠨ ᠢᠶᠠᠷ ᠬᠦᠮᠦᠰ | ᠲᠡᠭᠦᠨ ᠢ《 ᠨᠠᠷᠠᠨ ᠠᠪᠠᠢ》 ᠭᠡᠵᠦ ᠲᠠᠭᠤᠳᠠᠬᠤ ᠪᠣᠯᠵᠠᠢ᠃ ᠨᠠᠷᠠᠨ ᠠᠪᠠᠢ ᠪᠣᠯ ᠪᠦᠬᠡ ᠶᠢᠨ ᠱᠠᠰᠢᠨ ᠢ ᠡᠵᠡᠮᠰᠢᠬᠦ | ᠶᠠᠪᠤᠴᠠ ᠳᠤ ᠮᠤᠩᠭᠤᠯ ᠦᠡᠳᠦᠰᠦᠳᠡᠨ ᠤ ᠤᠯᠠᠮᠵᠢᠯᠠᠯᠳᠤ ᠶᠠᠰᠤ ᠵᠠᠰᠠᠬᠤ ᠮᠡᠷᠭᠡᠵᠢᠯ ᠶᠢ ᠵᠠᠯᠭᠠᠮᠵᠢᠯᠠᠨ ᠬᠦᠭᠵᠢᠬᠦᠯᠵᠦ᠂ | ᠤᠯᠠᠮᠵᠢᠯᠠᠨ ᠲᠡᠯᠭᠡᠷᠡᠭᠦᠯᠦᠭᠰᠡᠨ ᠲᠡᠤᠬᠡᠨ ᠲᠡᠮᠳᠡᠭᠯᠡᠯ ᠳᠤ ᠪᠠᠶᠢᠭ᠎ᠠ ᠬᠠᠮᠤᠭ ᠠᠩᠬᠠᠨ ᠤ ᠶᠠᠰᠤ ᠵᠠᠰᠠᠬᠤ ᠮᠡᠷᠭᠡᠵᠢᠯᠲᠡᠨ | ᠮᠥᠨ᠃ | ᠴᠢᠩ ᠤᠯᠤᠰ ᠤᠨ ᠦᠶ᠎ᠡ ᠶᠢᠨ ᠬᠤᠷᠴᠢᠨ ᠤ ᠨᠡᠷᠡᠳᠦ ᠶᠠᠰᠤ ᠪᠠᠷᠢᠶᠠᠴᠢ ᠨᠠᠷᠠᠨ ᠠᠪᠠᠢ ︵1790 —1875︶ | ᠶᠢᠨ ᠶᠠᠰᠤᠨ ᠵᠠᠰᠠᠯᠭ᠎ᠠ ᠨᠢ ᠦᠪᠡᠷᠮᠢᠴᠡ ᠤᠨᠴᠠᠭᠠᠢ ᠤᠪᠠᠳᠢᠰ ᠢᠶᠠᠷ ᠢᠶᠠᠨ ᠠᠯᠳᠠᠷᠰᠢᠵᠤ ︽ᠬᠤᠪᠢᠯᠭᠠᠨ ᠤᠳᠠᠴᠢ︾ | ᠭᠡᠮᠡᠨ ᠴᠤᠯᠠᠯᠠᠭᠳᠠᠭᠰᠠᠨ ᠶᠤᠮ᠃ ᠲᠡᠷᠡ ᠪᠠᠷ ᠭᠡᠦᠭᠡᠳ ᠲᠡᠭᠡᠨ ᠦᠷᠬᠦᠯᠵᠢ ᠶᠠᠰᠤᠨ ᠵᠠᠰᠠᠯᠭ᠎ᠠ ᠳᠠᠬᠢ ᠬᠤᠶᠠᠷ ᠭᠠᠷ | ᠤᠨ ᠦᠢᠯᠡᠳᠦᠯ ᠢ ᠴᠢᠬᠤᠯᠠᠴᠢᠯᠠᠵᠤ ᠶᠠᠷᠢᠳᠠᠭ ᠪᠠᠶᠢᠵᠠᠢ᠃ ᠨᠠᠷᠠᠨ ᠠᠪᠠᠢ ᠶᠢ ᠨᠠᠰᠤ ᠪᠠᠷᠠᠭᠰᠠᠨ ᠤ ᠲᠠᠷᠠᠭ᠎ᠠ ᠲᠡᠬᠦᠨ ᠤ | ᠬᠦᠦ ᠲᠠᠷᠮ᠎ᠠ ᠲᠡᠬᠦᠨ ᠤ ᠡᠷᠳᠡᠮ ᠢ ᠵᠠᠯᠭᠠᠮᠵᠢᠯᠠᠵᠤ᠂ ᠶᠠᠰᠤ ᠪᠠᠷᠳᠡᠭᠰᠡᠨ ᠬᠦᠮᠦᠨ ᠤ ᠠᠮᠢᠰᠬᠤᠯ ᠤᠨ ᠬᠦᠴᠦᠨ ᠢ | ᠠᠰᠢᠭᠯᠠᠵᠤ ᠶᠠᠰᠤ ᠵᠠᠰᠠᠬᠤ᠂ ᠶᠠᠰᠤ ᠶᠢ ᠨᠢ ᠬᠤᠭᠤᠯᠵᠤ ᠲᠠᠬᠢᠨ ᠵᠠᠰᠠᠬᠤ ᠵᠠᠰᠠᠯᠭ᠎ᠠ ᠳᠤ ᠮᠡᠷᠭᠡᠰᠢᠭᠰᠡᠨ ᠪᠠᠶᠢᠨ᠎ᠠ᠃ | ᠲᠠᠷᠢᠮ᠎ᠠ ᠶᠢᠨ ᠭᠤᠷᠪᠠᠨ ᠬᠦᠪᠡᠬᠦᠨ ᠨᠢᠮ᠎ᠠ᠂ ᠮᠠᠰᠠ᠂ ᠪᠢᠨᠳᠤᠤ ᠪᠦᠷ ᠲᠡᠬᠦᠨ ᠤ ᠶᠠᠰᠤ ᠵᠠᠰᠠᠯᠭ᠎ᠠ ᠶᠢᠨ ᠮᠠᠷᠭᠡᠵᠢᠯ ᠢ | ᠵᠠᠯᠭᠠᠮᠵᠢᠯᠠᠭᠰᠠᠨ ᠶᠤᠮ᠃ | ᠨᠠᠷᠠᠨ ᠠᠪᠠᠢ ᠶᠢᠨ ᠬᠤᠶᠢᠴᠢᠰ ᠶᠠᠰᠤᠨ ᠵᠠᠰᠠᠯᠭ᠎ᠠ ᠶᠢᠨ ᠦᠢᠯᠡᠳᠦᠯᠭᠡ ᠲᠤᠮᠳᠠ ᠪᠠᠨ ᠡᠯᠪᠡᠭ ᠪᠠᠶᠠᠯᠢᠭ | ᠲᠤᠷᠰᠢᠯᠭ᠎ᠠ ᠶᠢ ᠬᠤᠷᠠᠮᠳᠤᠭᠤᠯᠵᠤ᠂ ᠶᠠᠰᠤᠨ ᠵᠠᠰᠠᠯᠭ᠎ᠠ ᠶᠢᠨ ᠠᠷᠢᠬᠢ ᠦᠯᠢᠶᠡᠵᠦ᠂ ᠢᠯᠢᠵᠦ ᠨᠤᠬᠤᠯᠠᠬᠤ᠂ ᠬᠠᠪᠳᠠᠰᠤ | ᠪᠠᠷ ᠪᠠᠬᠢᠯᠡᠬᠦ ᠵᠢᠴᠢ ᠴᠢᠳᠠᠪᠬᠢ ᠶᠢᠨ ᠪᠤᠯᠪᠠᠰᠤᠷᠠᠯ ᠬᠢᠬᠦ ᠵᠡᠷᠭᠡ 14 ᠵᠦᠢᠯ ᠤᠨ ᠠᠷᠭ᠎ᠠ ᠶᠢ ᠬᠤᠷᠢᠶᠠᠩᠭᠤᠶᠢᠯᠠᠨ | ᠡᠬᠦᠳᠦᠭᠡᠳ ᠮᠡᠷᠭᠡᠵᠢᠯ ᠦᠨᠳᠦᠷ᠂ ᠠᠯᠳᠠᠷ ᠬᠦᠨᠳᠦᠳᠡᠢ᠂ ᠰᠢᠯᠢᠳᠡᠭ ᠤᠯᠠᠨ ᠶᠠᠰᠤ ᠪᠠᠷᠢᠶᠠᠴᠢ ᠪᠦᠬᠦᠢ ᠮᠤᠩᠭᠤᠯ | ᠡᠮᠨᠡᠯᠭᠡ ᠶᠢᠨ ᠶᠠᠰᠤ ᠵᠠᠰᠠᠯᠭ᠎ᠠ ᠪᠤᠯᠤᠨ ᠪᠦᠷᠢᠯᠳᠦᠭᠰᠡᠨ ᠪᠠᠶᠢᠨ᠎ᠠ᠃ | ᠮᠤᠩᠭᠤᠯ ᠦᠡᠳᠦᠰᠦᠳᠡᠨ ᠤ ᠤᠯᠠᠮᠵᠢᠯᠠᠯᠳᠤ ᠶᠠᠰᠤ ᠵᠠᠰᠠᠬᠤ ᠮᠡᠷᠭᠡᠵᠢᠯ ᠢᠶᠠᠷ ᠶᠠᠰᠤᠨ ᠤ ᠡᠪᠡᠳᠴᠢᠨ ᠢ | ᠤᠨᠤᠰᠢᠯᠠᠬᠤ ᠳᠤ ᠪᠠᠨ ᠡᠪᠡᠳᠴᠢᠲᠡᠨ ᠤ 《ᠰᠢᠷᠬᠠᠲᠤᠭᠰᠠᠨ ᠦᠩᠭᠡᠷᠡᠯᠲᠡ ᠶᠢ ᠠᠰᠠᠭᠤᠬᠤ᠂ ᠰᠢᠷᠬᠠᠲᠤᠭᠰᠠᠨ | ᠡᠷᠬᠡᠲᠡᠨ ᠤ ᠴᠢᠳᠠᠪᠤᠷᠢ ᠶᠢ ᠦᠵᠡᠬᠦ᠂ ᠰᠢᠷᠬᠠᠲᠤᠭᠰᠠᠨ ᠬᠡᠰᠡᠭ ᠤᠨ ᠲᠠᠭᠤᠨ ᠢ ᠴᠢᠩᠨᠠᠬᠤ᠂ ᠰᠢᠷᠬᠠᠲᠤᠭᠰᠠᠨ | ᠬᠡᠰᠡᠭ ᠤᠨ ᠬᠤᠪᠢᠷᠠᠯᠲᠠ ᠶᠢ ᠲᠡᠮᠲᠡᠷᠢᠬᠦ᠂ ᠰᠢᠷᠬᠠᠲᠠᠨ ᠤ ᠡᠪᠡᠷᠰᠢᠶᠡᠵᠦ ᠪᠠᠶᠢᠭ᠎ᠠ ᠪᠠᠶᠢᠳᠠᠯ ᠢ ᠰᠢᠡᠵᠢᠬᠦ》 ᠵᠡᠷᠭᠡ | ᠠᠷᠭ᠎ᠠ ᠶᠢ ᠬᠡᠷᠡᠭᠯᠡᠳᠡᠭ᠃ ᠵᠠᠰᠠᠬᠤ ᠠᠷᠭ᠎ᠠ ᠶᠢᠨ ᠲᠠᠯ᠎ᠠ ᠪᠠᠷ ᠶᠡᠷᠦᠩᠬᠡᠢ ᠳᠤ ᠪᠠᠨ᠂《 ᠢᠯᠢᠬᠦ᠂ ᠨᠤᠬᠤᠯᠠᠬᠤ᠂ | ᠰᠢᠪᠲᠤᠷᠬᠤ᠂ ᠦᠯᠢᠶᠡᠬᠦ》 ᠵᠡᠷᠭᠡ ᠠᠷᠭ᠎ᠠ ᠶᠢ ᠬᠡᠷᠡᠭᠯᠡᠳᠡᠭ᠃ | ᠮᠤᠩᠭᠤᠯ ᠡᠮᠨᠡᠯᠭᠡ ᠶᠢᠨ ᠶᠠᠰᠤᠨ ᠵᠠᠰᠠᠯᠭ᠎ᠠ ᠨᠢ ᠦᠨᠢ ᠤᠳᠠᠭᠠᠨ ᠤᠯᠠᠮᠵᠢᠯᠠᠭᠳᠠᠭᠰᠠᠨ ᠢᠶᠠᠷ ᠢᠶᠠᠨ ᠦᠶ᠎ᠡ ᠦᠶ᠎ᠡ | ᠶᠢᠨ ᠶᠠᠰᠤ ᠪᠠᠷᠢᠶᠠᠴᠢ ᠬᠦᠮᠦᠵᠢᠭᠳᠡᠵᠦ᠂ ᠭᠡᠴᠢᠨᠡᠨ ᠵᠢᠯ ᠤᠨ ᠲᠤᠷᠰᠢ ᠦᠷᠭᠡᠨ ᠤᠯᠠᠨ ᠮᠠᠯᠴᠢᠨ ᠲᠠᠷᠢᠶᠠᠴᠢᠨ ᠢ | ᠡᠪᠡᠳᠴᠢᠨ ᠵᠤᠪᠠᠯᠠᠩ ᠤᠨ ᠲᠠᠷᠴᠢᠯᠭᠠᠯ ᠠᠴᠠ ᠠᠪᠤᠷᠠᠵᠤ᠂ ᠡᠷᠡᠬᠦᠯ ᠮᠡᠨᠳᠦ ᠶᠢᠨ ᠲᠦᠯᠦᠭᠡ ᠪᠠᠯᠠᠷᠠᠰᠢ ᠦᠭᠡᠢ ᠭᠠᠪᠢᠶ᠎ᠠ | ᠵᠢᠳᠬᠦᠯ ᠦᠵᠡᠬᠦᠯᠦᠭᠰᠡᠭᠡᠷ ᠢᠷᠡᠵᠡᠢ᠃ | 1962ᠣᠨ ᠳᠤ᠂ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ᠂ | ᠭᠠᠵᠠᠷ ᠣᠷᠤᠨ ᠤ ᠡᠷᠡᠭᠦᠯ ᠬᠠᠮᠠᠭᠠᠯᠠᠯ ᠤᠨ ᠦᠢᠯᠡᠰ ᠶᠢᠨ ᠬᠦᠭᠵᠢᠯᠲᠡ ᠶᠢᠨ ᠪᠣᠳᠠᠳᠤ ᠪᠠᠶᠢᠳᠠᠯ ᠢ ᠦᠡᠳᠦᠰᠦᠯᠡᠨ᠂ | ᠶᠠᠰᠤᠨ ᠤ ᠡᠪᠡᠳᠴᠢᠲᠠᠨ ᠤ ᠡᠮᠨᠡᠨ ᠵᠠᠰᠠᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠤᠯᠠᠳᠠ᠂ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶᠠᠨ ᠳᠤ8 ᠡᠪᠡᠳᠴᠢᠲᠠᠨ ᠤ ᠣᠷᠣ ᠲᠠᠢ᠂3 ᠨᠡᠷᠡᠰ ᠡᠮᠴᠢ ᠰᠤᠪᠢᠯᠠᠭᠴᠢ ᠲᠠᠢ | ᠬᠠᠮᠤᠭ ᠠᠩᠬᠠᠨ ᠤ ᠶᠠᠰᠤᠨ ᠤ ᠡᠮᠨᠡᠯᠭᠡ ᠶᠢᠨ ᠰᠠᠯᠠᠭ᠎ᠠ ᠶᠢ ᠵᠦᠪᠰᠢᠶᠡᠷᠡᠨ ᠪᠠᠶᠢᠭᠤᠯᠤᠭᠰᠠᠨ ᠶᠤᠮ᠃ ᠬᠤᠰᠢᠭᠤᠨ ᠤ | ᠠᠷᠠᠳ ᠤᠨ ᠡᠮᠨᠡᠯᠭᠡ ᠶᠢᠨ ᠬᠤᠷᠢᠶᠠᠨ ᠳᠤ ᠶᠠᠰᠤᠨ ᠤ ᠡᠮᠨᠡᠯᠭᠡ ᠶᠢᠨ ᠰᠠᠯᠠᠭ᠎ᠠ ᠲᠠᠢ ᠪᠣᠯᠤᠭᠰᠠᠨ ᠨᠢ ᠤᠯᠠᠮᠵᠢᠯᠠᠯᠳᠤ | ᠶᠠᠰᠤ ᠵᠠᠰᠠᠬᠤ ᠮᠡᠷᠭᠡᠵᠢᠯ ᠤᠨ ᠢᠲᠡᠭᠡᠯ ᠬᠦᠡᠳᠦ ᠶᠢ ᠨᠡᠮᠡᠭᠳᠡᠬᠦᠯᠵᠦ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ | ᠣᠷᠤᠨ ᠠᠴᠠ ᠭᠠᠳᠠᠨ᠎ᠠ ᠮᠠᠰᠢ ᠤᠯᠠᠨ ᠮᠤᠵᠢ ᠬᠤᠳᠠ ᠶᠢᠨ ᠡᠪᠡᠳᠴᠢᠲᠡᠨ ᠢ ᠬᠦᠯᠢᠶᠡᠨ ᠠᠪᠴᠤ ᠡᠮᠴᠢᠯᠠᠭᠡᠳ | ᠡᠪᠡᠷᠰᠢᠶᠡᠯ ᠵᠤᠪᠠᠯᠠᠩ ᠠᠴᠠ ᠠᠪᠤᠷᠠᠭᠰᠠᠨ ᠶᠤᠮ | 1973 ᠣᠨ ᠳᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠡ ᠨᠢ ᠤᠯᠠᠮᠵᠢᠯᠠᠯᠳᠤ ᠶᠠᠰᠤ ᠵᠠᠰᠠᠬᠤ | ᠮᠡᠷᠭᠡᠵᠢᠯ ᠶᠢ17 ᠡᠮᠴᠢ ᠰᠤᠪᠢᠯᠠᠭᠴᠢ ᠲᠠᠢ ᠲᠤᠰᠬᠠᠢ ᠡᠮᠨᠡᠯᠭᠡ ᠶᠢᠨ ᠰᠠᠯᠠᠭ᠎ᠠ ᠪᠣᠯᠭᠠᠪᠠ᠃ ᠤᠯᠠᠮᠵᠢᠯᠠᠯᠳᠤ ᠶᠠᠰᠤ | ᠵᠠᠰᠠᠬᠤ ᠮᠡᠷᠭᠡᠵᠢᠯ ᠤᠨ ᠨᠡᠶᠢᠭᠡᠮ ᠳᠤ ᠬᠢ ᠦᠪᠡᠷᠮᠢᠴᠡ ᠦᠢᠯᠡᠳᠦᠯ ᠨᠢ ᠬᠦᠮᠦᠰ ᠲᠤ ᠮᠡᠳᠡᠷᠡᠭᠳᠡᠨ᠂ ᠶᠠᠪᠤᠬᠤ | ᠲᠤᠳᠤᠮ ᠬᠦᠮᠦᠰ ᠤᠨ ᠢᠲᠡᠭᠡᠯ ᠪᠢᠰᠢᠷᠡᠯ ᠢ ᠤᠯᠤᠭᠰᠠᠨ ᠠᠴᠠ ᠮᠠᠰᠢ ᠲᠦᠷᠭᠡᠨ ᠦᠷᠭᠡᠵᠢᠨ ᠬᠦᠭᠵᠢᠪᠡ᠃1974 | ᠣᠨ ᠤ9 ᠰᠠᠷ᠎ᠠ ᠳᠤ᠂ ᠠᠰ ᠢᠶᠠᠷ ᠢᠶᠠᠨ ᠲᠤᠭᠠᠴᠠᠭ᠎ᠠ ᠬᠢᠬᠦ ᠨᠢᠭᠡᠴᠢ ᠪᠣᠯᠵᠤ᠂12 ᠲᠠᠰᠤᠯᠭ᠎ᠠ ᠠᠯᠪᠠᠨ ᠭᠡᠷ ᠲᠠᠢ᠂ | 32 ᠨᠡᠷᠡᠰ ᠡᠮᠴᠢ ᠰᠤᠪᠢᠯᠠᠭᠴᠢ ᠲᠠᠢ ᠡᠮᠨᠡᠯᠭᠡ ᠶᠢᠨ ᠬᠤᠷᠢᠶᠠᠨ ᠤ ᠳᠤᠲᠤᠷᠠᠬᠢ《 ᠤᠡᠴᠠᠭᠠᠢ ᠡᠮᠨᠡᠯᠭᠡ ᠶᠢᠨ | ᠬᠤᠷᠢᠶ᠎ᠡ》 ᠪᠣᠯᠤᠭᠰᠠᠨ ᠪᠠᠶᠢᠨ᠎ᠠ᠃1976 ᠣᠨ ᠳᠤ᠂ ᠨᠢᠭᠡ ᠪᠦᠯᠦᠭ ᠠᠬᠠᠮᠠᠳ ᠡᠮᠴᠢ ᠨᠠᠷ《ᠶᠠᠰᠤ ᠵᠠᠰᠠᠬᠤ | ᠲᠤᠰᠬᠠᠢ ᠡᠮᠨᠡᠯᠭᠡ ᠶᠢᠨ ᠬᠤᠷᠢᠶ᠎ᠡ》 ᠪᠠᠶᠢᠭᠤᠯᠬᠤ ᠰᠠᠨᠠᠭᠠᠴᠢᠯᠠᠭ᠎ᠠ ᠳᠤᠷᠠᠳᠤᠨ ᠭᠤᠶᠤᠴᠢᠯᠠᠯ ᠳᠡᠪᠰᠢᠬᠦᠯᠵᠦ᠂ | ᠬᠤᠰᠢᠭᠤ ᠵᠠᠰᠠᠭ ᠤᠨ ᠣᠷᠳᠤᠨ ᠢᠶᠠᠷ ᠵᠦᠪᠰᠢᠶᠡᠷᠡᠭᠦᠯᠵᠦ ᠲᠤᠰ ᠵᠢᠯ ᠠᠴᠠ ᠡᠭᠢᠯᠡᠨ ᠪᠡᠯᠡᠳᠭᠡᠯ ᠠᠵᠢᠯ ᠢ ᠭᠠᠷᠳᠠᠨ | ᠬᠢᠪᠡ᠃ | 1976 ᠣᠨ ᠤ5 ᠰᠠᠷ᠎ᠠ ᠶᠢᠨ1 ᠤ ᠡᠳᠦᠷ᠂ ᠬᠤᠷᠴᠢᠨ ᠤ ᠲᠠᠯ᠎ᠠ ᠨᠣᠲᠤᠭ ᠲᠠᠬᠢ ᠵᠢᠵᠢᠭᠬᠡᠨ ᠪᠠᠯᠭᠠᠰᠤ | ᠭᠠᠨᠵᠤᠭ᠎ᠠ ᠳᠤ《ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠶᠠᠰᠤ ᠵᠠᠰᠠᠬᠤ ᠲᠤᠰᠬᠠᠢ ᠡᠮᠨᠡᠯᠭᠡ ᠶᠢᠨ | ᠬᠤᠷᠢᠶ᠎ᠡ》 ᠦᠷᠦᠭᠡ ᠪᠠᠨ ᠰᠡᠬᠦᠵᠦ ᠡᠭᠦᠳᠡ ᠪᠠᠨ ᠨᠡᠭᠡᠭᠡᠪᠡ᠃ | ᠡᠬᠦᠨ ᠠᠴᠠ ᠡᠬᠢᠯᠡᠭᠡᠳ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠮᠤᠩᠭᠤᠯ ᠦᠡᠳᠦᠰᠦᠳᠡᠨ ᠤ | ᠤᠯᠠᠮᠵᠢᠯᠠᠯᠳᠤ ᠶᠠᠰᠤ ᠵᠠᠰᠠᠬᠤ ᠮᠡᠷᠭᠡᠵᠢᠯ ᠨᠢ ᠰᠢᠨ᠎ᠡ ᠨᠢᠬᠡᠨ ᠱᠠᠳᠤᠨ ᠳᠤ ᠤᠷᠤᠭᠰᠠᠨ ᠪᠠᠶᠢᠨ᠎ᠠ᠃ | ᠤᠳᠤᠬᠢ ᠮᠤᠩᠭᠤᠯ ᠡᠮᠨᠡᠯᠭᠡ ᠶᠢᠨ ᠶᠠᠰᠤᠨ ᠵᠠᠰᠠᠯᠭ᠎ᠠ ᠨᠢ ᠪᠦᠭᠡ ᠶᠢᠨ ᠱᠠᠰᠢᠨ ᠤ ᠲᠠᠯᠳᠠ ᠨᠢᠭᠤᠴᠠᠭᠠᠢ ᠠᠴᠠ | ᠰᠠᠯᠵᠤ᠂ ᠮᠤᠩᠭᠤᠯ ᠡᠮᠨᠡᠯᠭᠡ ᠶᠢᠨ ᠤᠬᠠᠭᠠᠨ ᠤ ᠰᠠᠭᠤᠷᠢ ᠤᠨᠤᠯ ᠢᠶᠠᠷ ᠵᠢᠯᠤᠭᠤᠳᠤᠯᠭ᠎ᠠ ᠪᠤᠯᠭᠠᠵᠤ᠂ ᠤᠷᠢᠳᠠᠬᠢ | ᠬᠦᠮᠦᠨ ᠤ ᠰᠢᠯᠢᠳᠡᠭ ᠲᠠᠯ᠎ᠠ ᠶᠢ ᠵᠠᠯᠭᠠᠮᠵᠢᠯᠠᠨ᠂ ᠢᠯᠢᠯᠭᠡ ᠨᠤᠬᠤᠯᠠᠭ᠎ᠠ ᠪᠠᠷ ᠭᠤᠤᠯ ᠪᠤᠯᠭᠠᠵᠤ᠂ ᠮᠤᠩᠭᠤᠯ ᠡᠮᠨᠡᠯᠭᠡ | ᠶᠢᠨ ᠵᠠᠰᠠᠯᠭ᠎ᠠ ᠪᠠᠷ ᠬᠠᠪᠰᠤᠷᠭᠠᠵᠤ᠂ ᠤᠳᠤᠬᠢᠴᠢᠯᠠᠭᠰᠠᠨ ᠡᠮ ᠡᠮᠨᠡᠯᠭᠡ ᠶᠢᠨ ᠮᠡᠷᠭᠡᠵᠢᠯ ᠲᠠᠢ ᠨᠢᠭᠳᠠ | ᠤᠶᠠᠯᠳᠤᠭᠤᠯᠤᠨ᠂ ᠭᠠᠷ ᠠᠪᠤᠯᠭ᠎ᠠ ᠬᠢᠯᠪᠡᠷ᠂ ᠪᠠᠭᠠᠵᠢ ᠲᠦᠬᠦᠭᠡᠷᠦᠮᠵᠢ ᠲᠦᠬᠦᠮ᠂ ᠵᠠᠷᠤᠳᠠᠯ ᠬᠢᠮᠳᠠ᠂ ᠬᠤᠷᠳᠤᠨ | ᠡᠷᠡᠬᠦᠯᠵᠢᠬᠦ ᠤᠨᠴᠠᠯᠢᠭ ᠲᠠᠢ ᠵᠠᠰᠠᠯᠭ᠎ᠠ ᠪᠤᠯᠤᠨ ᠪᠦᠷᠢᠯᠳᠦᠪᠡ᠃ | ᠮᠤᠩᠭᠤᠯ ᠡᠮᠨᠡᠯᠭᠡ ᠶᠢᠨ ᠤᠯᠠᠮᠵᠢᠯᠠᠯᠳᠤ ᠶᠠᠰᠤᠨ ᠵᠠᠰᠠᠯᠭ᠎ᠠ ᠨᠢ2010 ᠤᠨ ᠳᠤ ᠤᠯᠤᠰ ᠤᠨ ᠲᠡᠰ ᠤᠨ ᠪᠤᠳᠠᠰ | ᠤᠨ ᠪᠤᠰᠤ ᠰᠤᠶᠤᠯ ᠤᠨ ᠦᠪ ᠤᠨ ᠪᠦᠷᠢᠳᠭᠡᠯ ᠳᠤ ᠲᠡᠮᠳᠡᠭᠯᠡᠭᠳᠡᠪᠡ᠃ | ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ-- ᠮᠤᠩᠭᠤᠯ ᠡᠮᠨᠡᠯᠭᠡ ᠶᠢᠨ ᠤᠯᠠᠮᠵᠢᠯᠠᠯᠳᠤ ᠶᠠᠰᠤᠨ | ᠵᠠᠰᠠᠯᠭ᠎ᠠ ᠶᠢᠨ ᠤᠯᠠᠮᠵᠢᠯᠠᠭᠴᠢ — ᠪᠤᠤ ᠶᠢᠨ ᠱᠠᠨ ᠤ ᠲᠤᠪᠴᠢ ᠨᠠᠮᠳᠠᠷ | ᠪᠣᠣ ᠶᠢᠨ ᠱᠠᠨ᠂ ᠡᠷᠡᠭᠳᠡᠢ᠂ ᠮᠣᠩᠭᠤᠯ ᠦᠨᠳᠦᠰᠦᠳᠡᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠤᠨ | ᠤ ᠲᠦᠩᠯᠢᠶᠤᠤ ᠬᠤᠲᠠ ᠶᠢᠨ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠬᠥᠮᠦᠨ᠃ 1939 ᠣᠨ ᠤ7 | ᠰᠠᠷ᠎ᠠ ᠶᠢᠨ13 ᠤ ᠡᠳᠦᠷ ᠲᠦᠷᠦᠪᠡ᠃ ᠲᠡᠷᠡ ᠪᠣᠯ ᠤᠯᠤᠰ ᠤᠨ ᠳᠡᠰ ᠤᠨ ᠪᠤᠳᠠᠰ ᠤᠨ ᠪᠣᠰᠤ ᠰᠣᠶᠤᠯ ᠤᠨ | ᠥᠪ — ᠮᠣᠩᠭᠤᠯ ᠡᠮ ᠡᠮᠨᠡᠯᠭᠡ ᠶᠢᠨ ᠤᠯᠠᠮᠵᠢᠯᠠᠯᠲᠤ ᠶᠠᠰᠤ ᠵᠠᠰᠠᠬᠤ ᠮᠡᠷᠭᠡᠵᠢᠯ ᠤᠨ ᠤᠯᠠᠮᠵᠢᠯᠠᠭᠴᠢ᠂ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠣᠷᠤᠨ ᠤ ᠨᠡᠷᠡᠲᠦ ᠮᠣᠩᠭᠤᠯ ᠡᠮᠴᠢ ᠪᠣᠯᠣᠨ᠎ᠠ᠃ ᠪᠣᠣ ᠶᠢᠨ ᠱᠠᠨ ᠪᠣᠯ | ᠮᠣᠩᠭᠤᠯ ᠡᠮᠨᠡᠯᠭᠡ ᠶᠢᠨ ᠤᠯᠠᠮᠵᠢᠯᠠᠯᠳᠤ ᠶᠠᠰᠤ ᠪᠠᠷᠢᠭᠠᠴᠢ ᠶᠢᠨ ᠳᠥᠷᠪᠡᠳᠦᠭᠡᠷ ᠦᠶ᠎ᠡ ᠶᠢᠨ ᠤᠯᠠᠮᠵᠢᠯᠠᠭᠴᠢ ᠮᠥᠨ᠃ | ᠡᠭᠦᠨ ᠳᠤ ᠮᠣᠩᠭᠤᠯ ᠡᠮᠨᠡᠯᠭᠡ ᠶᠢᠨ ᠤᠯᠠᠮᠵᠢᠯᠠᠯᠲᠤ ᠶᠠᠰᠤ ᠵᠠᠰᠠᠬᠤ ᠮᠡᠷᠭᠡᠵᠢᠯ ᠤᠨ ᠬᠠᠮᠤᠭ ᠠᠩᠬᠠᠨ ᠤ ᠤᠯᠠᠮᠵᠢᠯᠠᠨ | ᠳᠡᠯᠭᠡᠷᠡᠭᠦᠯᠦᠭᠴᠢ ︵ᠡᠭᠦᠳᠦᠭᠴᠢ︶ — — ᠨᠠᠷᠠᠨ ᠠᠪᠠᠢ ︵1790 —1875 ᠤᠨ︶᠂ ᠮᠣᠩᠭᠤᠯ ᠡᠮᠨᠡᠯᠭᠡ ᠶᠢᠨ | ᠤᠯᠠᠮᠵᠢᠯᠠᠯᠳᠤ ᠶᠠᠰᠤ ᠵᠠᠰᠠᠬᠤ ᠮᠡᠷᠭᠡᠵᠢᠯ ᠤᠨ ᠬᠤᠶᠠᠳᠤᠭᠠᠷ ᠦᠶ᠎ᠡ ᠶᠢᠨ ᠤᠯᠠᠮᠵᠢᠯᠠᠭᠴᠢ — — ᠪᠣᠣ ᠳᠠᠷᠢᠮ᠎ᠠ | ︵1835 —1909︶᠂ ᠮᠣᠩᠭᠤᠯ ᠡᠮᠨᠡᠯᠭᠡ ᠶᠢᠨ ᠤᠯᠠᠮᠵᠢᠯᠠᠯᠳᠤ ᠶᠠᠰᠤ ᠵᠠᠰᠠᠬᠤ ᠮᠡᠷᠭᠡᠵᠢᠯ ᠤᠨ ᠭᠤᠷᠪᠠᠳᠤᠭᠠᠷ | ᠦᠶ᠎ᠡ ᠶᠢᠨ ᠤᠯᠠᠮᠵᠢᠯᠠᠭᠴᠢ — — ᠪᠤᠣ ᠮᠠᠰᠠ ︵1889 —1969︶ ᠶᠢᠨ ᠲᠠᠷᠠᠭᠠᠬᠢ ᠤᠯᠠᠮᠵᠢᠯᠠᠭᠴᠢ ᠮᠥᠨ᠃ | ᠪᠣᠣ ᠶᠢᠨ ᠱᠠᠨ 7 ᠨᠠᠰᠤᠨ ᠠᠴᠠ ᠪᠠᠨ ᠠᠪᠠᠭ᠎ᠠ ᠠᠪᠤ ᠪᠣᠣ ᠮᠠᠰᠠ ᠶᠢᠨ ᠢᠶᠠᠨ ᠤᠯᠠᠮᠵᠢᠯᠠᠯᠲᠤ ᠶᠠᠰᠤ ᠵᠠᠰᠠᠬᠤ | ᠮᠡᠷᠭᠡᠵᠢᠯ ᠢ ᠰᠤᠷᠴᠤ ᠤᠯᠠᠮᠵᠢᠯᠠᠨ᠂ ᠪᠠᠰᠠ ᠬᠤ᠋ ᠳᠠᠯᠠᠢ᠂ ᠪᠣᠣ ᠵᠠᠨ ᠬᠤᠩ ᠵᠡᠷᠭᠡ ᠰᠤᠷᠤᠭᠴᠢ ᠱᠠᠪᠢ ᠨᠠᠷ ᠢ | ᠬᠦᠮᠦᠵᠢᠭᠦᠯᠦᠨ ᠭᠠᠷᠭᠠᠭᠰᠠᠨ ᠪᠠᠶᠢᠨ᠎ᠠ᠃ | ᠲᠡᠷᠡ᠂ 1953 ᠣᠨ ᠳᠤ᠂14 ᠨᠠᠰᠤᠳᠠᠢ ᠰᠠᠶ᠋ᠢ ᠰᠤᠷᠭᠠᠭᠤᠯᠢ ᠳᠤ ᠣᠷᠤᠭᠰᠠᠨ ᠶᠤᠮ᠃ ᠬᠡᠪᠡᠴᠦ | ᠰᠤᠷᠤᠯᠭ᠎ᠠ ᠰᠠᠶᠢᠨ ᠪᠤᠯᠬᠤᠷ ᠦᠷᠬᠦᠯᠵᠢᠯᠡᠨ ᠠᠩᠭᠢ ᠦᠰᠦᠷᠴᠦ1959 ᠣᠨ ᠳᠤ᠂ ᠦᠪᠦᠷ ᠮᠣᠩᠭᠤᠯ ᠤᠨ | ᠪᠠᠭᠰᠢ ᠶᠢᠨ ᠳᠡᠭᠡᠳᠦ ᠰᠤᠷᠭᠠᠭᠤᠯᠢ ︵ᠤᠳᠤ ᠶᠢᠨ ᠦᠪᠦᠷ ᠮᠤᠩᠭᠤᠯ ᠤᠨ ᠦᠡᠳᠦᠰᠦᠳᠡᠨ ᠤ ᠶᠡᠭᠡ ᠰᠤᠷᠭᠠᠭᠤᠯᠢ︶ | ᠳᠤ ᠰᠢᠯᠭᠠᠭᠤᠯᠤᠨ ᠣᠷᠤᠵᠤ᠂ 1963 ᠣᠨ ᠳᠤ ᠰᠤᠷᠤᠯᠭ᠎ᠠ ᠪᠠᠨ ᠲᠡᠬᠦᠰᠴᠦ᠂ ᠨᠤᠲᠤᠭ ᠲᠠᠭᠠᠨ ᠬᠠᠷᠢᠨ᠂ ᠡᠮᠡᠭᠡᠯ | ᠳᠤᠮᠳᠠᠳᠤ ᠰᠤᠷᠭᠠᠭᠤᠯᠢ ᠳᠤ ᠪᠠᠭᠰᠢᠯᠠᠪᠠ᠃1973 ᠣᠨ ᠳᠤ᠂ ᠬᠤᠰᠢᠭᠤᠨ ᠤ ᠵᠣᠬᠢᠶᠠᠨ ᠪᠠᠶᠢᠭᠤᠯᠬᠤ | ᠬᠡᠯᠲᠡᠰ ᠠᠴᠠ ᠲᠡᠭᠦᠨ ᠢ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠶᠠᠰᠤᠨ ᠤ ᠰᠠᠯᠠᠭ᠎ᠠ ᠶᠢᠨ | ᠡᠷᠬᠢᠯᠡᠭᠴᠢ ᠪᠠᠷ ᠲᠣᠮᠢᠯᠠᠪᠠ᠃ ᠲᠡᠷᠡ ᠤᠷᠢᠳ ᠬᠤᠵᠢᠳ ᠦᠪᠦᠷ ᠮᠤᠩᠭᠤᠯ ᠤᠨ ᠦᠨᠳᠦᠰᠦᠳᠡᠨ ᠤ ᠡᠮᠨᠡᠯᠭᠡ ᠶᠢᠨ | ᠳᠡᠭᠡᠳᠦ ᠰᠤᠷᠭᠠᠭᠤᠯᠢ ᠶᠢᠨ ᠶᠠᠰᠤᠨ ᠤ ᠭᠠᠳᠠᠷ ᠰᠠᠯᠠᠭ᠎ᠠ ᠶᠢᠨ ᠨᠡᠷ᠎ᠡ ᠬᠦᠨᠳᠦᠳᠦ ᠡᠷᠬᠢᠯᠡᠭᠴᠢ᠂ ᠮᠣᠩᠭᠤᠯ | ᠡᠮᠨᠡᠯᠭᠡ ᠶᠢᠨ ᠶᠠᠰᠤ ᠵᠠᠰᠠᠬᠤ ᠡᠮᠨᠡᠯᠭᠡ ᠶᠢᠨ ᠬᠤᠷᠢᠶ᠎ᠠ ᠶᠢᠨ ᠳᠡᠳ᠋ ᠳᠠᠷᠤᠭ᠎ᠠ᠂ ᠨᠠᠮ ᠤᠨ ᠡᠭᠦᠷ ᠤᠨ ᠱᠦᠵᠢ ᠵᠡᠷᠭᠡ | ᠲᠤᠰᠢᠶᠠᠯ ᠢ ᠬᠠᠷᠢᠭᠤᠴᠠᠵᠤ ᠦᠡᠭᠭᠡᠷᠡᠪᠡ᠃1999 ᠣᠨ ᠤ 9 ᠰᠠᠷ᠎ᠠ ᠳᠤ ᠠᠵᠢᠯ ᠠᠴᠠ ᠪᠠᠨ ᠠᠮᠠᠷᠠᠪᠠ᠃ 2014 | ᠣᠨ ᠳᠤ᠂ ᠲᠦᠩᠯᠢᠶᠤᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠠᠷᠢᠶᠠᠳᠤ ᠡᠮᠨᠡᠯᠭᠡ ᠶᠢᠨ ᠬᠤᠷᠢᠶᠠᠨ | ᠤ ᠨᠡᠷ᠎ᠡ ᠬᠦᠡᠳᠦᠳᠦ ᠬᠤᠷᠢᠶᠠᠨ ᠳᠠᠷᠤᠭ᠎ᠠ ᠪᠠᠷ ᠤᠷᠢᠭᠳᠠᠪᠠ᠃ | ᠪᠣᠣ ᠶᠢᠨ ᠱᠠᠨ ᠤᠷᠢᠳ ᠬᠤᠵᠢᠳ 50 ᠵᠢᠯ ᠡᠮᠴᠢᠯᠡᠵᠦ᠂ ᠪᠠᠷᠤᠭ 20 ᠲᠦᠮᠡᠨ ᠬᠥᠮᠦᠨ ᠢ ᠡᠪᠡᠳᠴᠢᠨ | ᠵᠣᠪᠠᠯᠠᠩ ᠠᠴᠠ ᠠᠪᠤᠷᠠᠵᠠᠢ᠃ ᠲᠡᠷᠡ᠂ ᠠᠵᠢᠯ ᠤᠨ ᠴᠢᠯᠦᠬᠡ ᠪᠠᠷ ᠢᠶᠠᠨ 8000 ᠢᠯᠡᠭᠦᠦ ᠲᠦᠮᠡᠨ ᠦᠰᠦᠭ ᠤᠨ | ᠡᠮ ᠡᠮᠨᠡᠯᠭᠡ ᠶᠢᠨ ᠨᠣᠮ ᠪᠢᠴᠢᠭ ᠢ ᠰᠣᠳᠤᠯᠤᠨ ᠤᠩᠰᠢᠵᠤ᠂《 ᠤᠯᠠᠮᠵᠢᠯᠠᠯᠲᠤ ᠶᠠᠰᠤ ᠵᠠᠰᠠᠬᠤ》᠂《 ᠳᠤᠮᠳᠠᠳᠤ | ᠤᠯᠤᠰ ᠤᠨ ᠮᠣᠩᠭᠤᠯ ᠡᠮ ᠡᠮᠨᠡᠯᠭᠡ ᠶᠢᠨ ᠶᠠᠰᠤ ᠵᠠᠰᠠᠬᠤ ᠤᠬᠠᠭᠠᠨ》 ᠵᠡᠷᠭᠡ 8 ᠨᠡᠷᠡᠲᠦ ᠪᠦᠲᠦᠭᠡᠯ ᠢ ᠲᠣᠭᠤᠷᠪᠢᠨ | ᠪᠢᠴᠢᠵᠦ᠂ 《ᠳᠤᠮᠳᠠᠳᠤ ᠤᠯᠤᠰ ᠤᠨ ᠮᠤᠩᠭᠤᠯ ᠡᠮᠨᠡᠯᠭᠡ ᠶᠢᠨ ᠶᠠᠰᠤ ᠵᠠᠰᠠᠬᠤ ᠮᠡᠷᠭᠡᠵᠢᠯ ᠢᠶᠠᠷ ᠬᠡᠦᠬᠡᠳ ᠤᠨ | ᠠᠳᠬᠤᠭᠠᠯ ᠶᠠᠰᠤᠨ ᠤ ᠬᠤᠭᠤᠷᠠᠯ ᠢ ᠵᠠᠰᠠᠭᠰᠠᠨ 400 ᠵᠢᠱᠢᠶ᠎ᠡ ᠶᠢ ᠦᠭᠦᠯᠡᠬᠦ ᠨᠢ》 ᠵᠡᠷᠭᠡ 40 ᠲᠦᠮᠡ ᠢᠯᠡᠭᠦᠦ | ᠦᠰᠦᠭ ᠤᠨ 60 ᠭᠠᠷᠤᠢ ᠦᠭᠦᠯᠡᠯ ᠢᠶᠠᠨ《 ᠳᠤᠮᠳᠠᠳᠤ ᠤᠯᠤᠰ ᠤᠨ ᠬᠢᠲᠠᠳ ᠡᠮᠨᠡᠯᠭᠡ ᠶᠢᠨ ᠶᠠᠰᠤᠨ ᠤ | ᠰᠢᠷᠬᠠᠳᠤᠯ》ᠵᠡᠷᠭᠡ 20 ᠭᠠᠷᠤᠢ ᠤᠯᠤᠰ ᠤᠨ ᠳᠣᠲᠤᠨ᠎ᠠ ᠭᠠᠳᠠᠨᠠᠬᠢ ᠰᠣᠨᠢᠨ ᠰᠡᠳᠭᠦᠯ ᠳᠤ ᠨᠡᠶᠢᠳᠡᠯᠡᠬᠦᠯᠦᠭᠰᠡᠨ | ᠪᠠᠶᠢᠨ᠎ᠠ᠃ ᠲᠡᠷᠡ ᠣᠳᠤᠬᠢ ᠰᠢᠨᠵᠢᠯᠡᠬᠦ ᠤᠬᠠᠭᠠᠨᠴᠢ ᠮᠡᠷᠭᠡᠵᠢᠯ ᠲᠠᠢ ᠤᠶᠠᠯᠳᠤᠭᠤᠯᠤᠨ《 ᠭᠤᠷᠪᠠ ᠶᠢ ᠤᠨᠤᠰᠢᠯᠠᠬᠤ | ᠂ ᠵᠢᠷᠭᠤᠭᠠᠨ ᠵᠠᠷᠴᠢᠮ ᠢ ᠪᠠᠷᠢᠮᠳᠠᠯᠠᠬᠤ᠂ ᠶᠢᠰᠦ ᠶᠢ ᠤᠶᠠᠯᠳᠤᠭᠤᠯᠬᠤ》 ᠭᠡᠬᠦ ᠶᠠᠰᠤ ᠵᠠᠰᠠᠬᠤ ᠡᠮᠴᠢᠯᠡᠬᠡᠨ ᠤ ᠤᠨᠤᠯ | ᠢ ᠡᠬᠦᠳᠦᠨ᠂ ᠶᠠᠰᠤ ᠵᠠᠰᠠᠬᠤ ᠤᠬᠠᠭᠠᠨ ᠤ ᠪᠠᠨ ᠭᠤᠣᠯ ᠴᠢᠮᠦᠭᠡ ᠪᠣᠯᠭᠠᠭᠰᠠᠨ ᠪᠠᠶᠢᠨ᠎ᠠ᠃ ᠲᠡᠬᠦᠨ ᠤ ᠲᠤᠭᠤᠷᠪᠢᠨ | ᠪᠢᠴᠢᠭᠰᠡᠨ《 ᠳᠤᠮᠳᠠᠳᠤ ᠤᠯᠤᠰ ᠤᠨ ᠮᠤᠩᠭᠤᠯ ᠦᠨᠳᠦᠰᠦᠳᠡᠨ ᠤ ᠣᠨᠴᠠᠭᠠᠢ ᠮᠡᠷᠭᠡᠵᠢᠯ ᠤᠨ ᠶᠠᠰᠤ ᠵᠠᠰᠠᠬᠤ | ᠠᠷᠭ᠎ᠠ》᠂《 ᠣᠳᠤᠬᠢᠴᠢᠯᠠᠭᠰᠠᠨ ᠰᠢᠨᠵᠢᠯᠡᠬᠦ ᠤᠬᠠᠭᠠᠨᠴᠢ ᠪᠠᠷ ᠮᠤᠩᠭᠤᠯ ᠡᠮᠨᠡᠯᠭᠡ ᠶᠢᠨ ᠤᠯᠠᠮᠵᠢᠯᠠᠯᠲᠤ ᠶᠠᠰᠤ | ᠵᠠᠰᠠᠬᠤ ᠮᠡᠷᠭᠡᠵᠢᠯ ᠳᠤ ᠰᠣᠳᠤᠯᠤᠯᠲᠠ ᠬᠢᠭᠰᠡᠨ ᠨᠢ》᠂《 ᠳᠡᠭᠡᠳᠦᠰ ᠠᠴᠠ ᠤᠯᠠᠮᠵᠢᠯᠠᠭᠰᠠᠨ ᠨᠢᠭᠤᠴᠠ ᠵᠣᠷ | ᠱᠢᠷᠦᠲᠦ ᠦᠷᠢᠯ》 ᠵᠡᠷᠭᠡ16 ᠡᠷᠳᠡᠮ ᠰᠢᠨᠵᠢᠯᠡᠭᠡ ᠶᠢᠨ ᠪᠦᠳᠦᠬᠡᠯ ᠨᠢ ᠤᠯᠤᠰ ᠤᠨ ᠳᠣᠲᠤᠨ᠎ᠠ ᠭᠠᠳᠠᠨᠠᠬᠢ ᠱᠠᠩᠨᠠᠯ | ᠬᠦᠷᠳᠡᠪᠡ᠃ | ᠪᠥᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠯᠭᠴᠢ ᠪᠣᠣ ᠶᠢᠨ ᠱᠠᠨ᠂ | ᠬᠠᠭᠠᠰ ᠢᠯᠡᠭᠦᠦ ᠵᠠᠭᠤᠨ ᠤ ᠡᠮᠴᠢᠯᠡᠭᠡᠨ ᠤ ᠠᠮᠢᠳᠤᠷᠠᠯ ᠤᠨ ᠳᠤᠮᠳᠠ ᠪᠠᠨ᠂ 320 ᠢᠯᠡᠭᠦᠦ ᠱᠠᠪᠢ ᠪᠣᠯᠤᠨ | ᠰᠤᠷᠤᠭᠴᠢ ᠶᠢ ᠬᠦᠮᠦᠵᠢᠭᠦᠯᠵᠦ᠂ ᠤᠷᠢᠳ ᠬᠤᠵᠢᠳ《 ᠪᠥᠬᠦ ᠤᠯᠤᠰ ᠤᠨ ᠦᠨᠳᠦᠰᠦᠳᠡᠨ ᠤ ᠪᠦᠯᠬᠦᠮᠳᠡᠯ | ᠲᠠᠪᠰᠢᠯᠳᠠ ᠶᠢᠨ ᠲᠡᠷᠢᠬᠦᠨ ᠬᠤᠪᠢ ᠬᠦᠮᠦᠨ》᠂《 ᠪᠦᠬᠦ ᠤᠯᠤᠰ ᠤᠨ ᠡᠷᠡᠭᠦᠯ ᠬᠠᠮᠠᠭᠠᠯᠠᠯ ᠤᠨ ᠰᠢᠰᠲ᠋ᠧᠮ ᠤᠨ | ᠵᠢᠱᠢᠶᠡᠴᠢ ᠠᠵᠢᠯᠳᠠᠨ》᠂《 ᠳᠡᠯᠡᠬᠡᠢ ᠶᠢᠨ ᠤᠯᠠᠮᠵᠢᠯᠠᠯᠲᠤ ᠡᠮᠨᠡᠯᠭᠡ ᠶᠢᠨ ᠤᠬᠠᠭᠠᠨ ᠤ ᠵᠠᠭᠤᠨ ᠨᠡᠷᠡᠰ | ᠦᠨᠳᠦᠰᠦᠳᠡᠨ ᠤ ᠡᠮ ᠡᠮᠨᠡᠯᠭᠡ ᠶᠢᠨ ᠣᠳᠤᠨ》 ᠵᠡᠷᠭᠡ ᠤᠨᠴᠠᠭᠠᠢ ᠢᠷᠠᠭᠤ ᠠᠯᠳᠠᠷ ᠬᠦᠷᠳᠡᠪᠡ᠃ |