ᠰᠢᠶᠧ ᠴᠦᠨ ᠾᠧ ᠭᠤᠣᠯ ᠴᠠᠭᠳᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 25 ᠤ ᠡᠳᠦᠷ᠂ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠤᠷᠢᠳ ᠬᠤᠵᠢᠳ ᠰᠢᠸ ᠱᠦᠢ ᠾᠧ ᠭᠤᠣᠯ ᠤᠨ ᠴᠠᠩ ᠱᠧᠩ ᠤᠨ ᠬᠡᠰᠡᠭ ᠪᠣᠯᠣᠨ ᠪᠠᠷᠠᠭᠤᠨ ᠯᠢᠶᠣᠤ ᠾᠧ ᠭᠤᠣᠯ ᠤᠨ ᠴᠠᠷᠠᠰᠤ ᠶᠢᠨ ᠬᠡᠰᠡᠭ᠂ ᠱᠧᠩ ᠯᠢ ᠲᠠᠷᠢᠶᠠᠯᠠᠩ ᠤᠨ ᠲᠠᠯᠠᠪᠠᠶ ᠶᠢᠨ ᠬᠡᠰᠡᠭ᠂ ᠱᠤᠸᠠᠩ ᠱᠧᠩ ᠤᠨ ᠬᠡᠰᠡᠭ᠂ ᠶᠢᠨ ᠪᠦᠦ ᠲᠦᠨ ᠤ ᠬᠡᠰᠡᠭ ᠲᠤ ᠭᠦᠨᠵᠡᠭᠡᠶᠢᠷᠡᠨ ᠲᠣᠭᠤᠷᠢᠨ ᠴᠠᠭᠳᠠᠬᠤ ᠠᠵᠢᠯ ᠥᠷᠨᠢᠭᠦᠯᠵᠦ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ ᠪᠠᠯᠭᠠᠰᠤ  ᠲᠠᠯᠠᠪᠠᠢ ᠶᠢᠨ ᠬᠠᠷᠢᠭᠤᠴᠠᠯᠭᠠᠲᠠᠨ ᠣᠷᠣᠯᠴᠠᠵᠠᠢ᠃
  解春贺巡河.jpg
      ᠰᠢᠶᠧ ᠴᠦᠨ ᠾᠧ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠭᠤᠣᠯ ᠮᠥᠷᠡᠨ ᠤ ᠳᠠᠷᠤᠭ᠎ᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠣᠭᠤᠷᠢᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠬᠠᠮᠢᠶ᠎ᠠ ᠪᠦᠬᠦᠢ ᠪᠠᠯᠭᠠᠰᠤ ᠲᠠᠯᠠᠪᠠᠶ ᠬᠠᠷᠢᠶ᠎ᠠ ᠭᠠᠵᠠᠷ ᠤᠨ ᠢᠶᠠᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠷᠠᠭᠤᠨ ᠯᠢᠶᠣᠤᠾᠧ ᠭᠤᠣᠯ ᠤᠨ ᠭᠤᠣᠯ ᠤᠷᠤᠰᠬᠠᠯ ᠤᠨ ᠲᠠᠩ ᠭᠠᠵᠠᠷ ᠢ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽   ᠭᠤᠤᠯ ᠪᠤᠯᠬᠤ ᠭᠤᠣᠯ ᠤᠨ ᠬᠤᠩᠭᠢᠯ ᠳᠤ ᠲᠠᠷᠢᠶ᠎ᠠ ᠳᠠᠷᠢᠬᠤ ᠶᠢ ᠴᠠᠭᠠᠵᠠᠯᠠᠬᠤ︾ ᠠᠵᠢᠯ ᠢ ᠪᠣᠳᠠᠲᠠᠢ ᠭᠠᠵᠠᠷ ᠲᠤᠨᠢ ᠡᠷᠡᠰ ᠨᠠᠶᠢᠳᠠᠪᠤᠷᠢᠵᠢᠭᠤᠯᠵᠤ᠂ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠣᠯ ᠮᠥᠷᠡᠨ ᠲᠠᠢ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠬᠠᠮᠠᠭᠠᠯᠠᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠤᠳ ᠰᠢᠸ ᠱᠦᠢ ᠾᠧ ᠭᠤᠣᠯ ᠤᠨ ᠠᠮᠢ ᠠᠬᠤᠢ ᠶᠢ ᠵᠠᠰᠠᠨ ᠰᠡᠷᠭᠦᠭᠡᠬᠦ᠂ ᠵᠡᠭᠦᠨ ᠦ᠋ ᠵᠢᠶᠠ ᠽᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠵᠡᠷᠭᠡ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠲᠦᠷᠦᠯ ᠵᠦᠢᠯ ᠢ ᠢᠳᠡᠪᠬᠢᠲᠡᠢ ᠲᠡᠮᠡᠴᠡᠨ ᠣᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠣᠷᠴᠢᠨ ᠲᠣᠭᠤᠷᠢᠨ ᠢ ᠴᠢᠷᠮᠠᠶᠢᠨ ᠰᠠᠶᠢᠵᠢᠷᠠᠭᠤᠯᠵᠤ᠂ ᠭᠤᠣᠯ ᠮᠥᠷᠡᠨ ᠤ ᠤᠷᠤᠰᠬᠠᠯ ᠰᠢᠯᠤᠭᠤᠨ᠂ ᠤᠰᠤ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠭᠤᠶᠤ ᠤᠰᠤᠨ ᠤ ᠠᠮᠢ ᠠᠬᠤᠢ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠡᠢ᠃      ᠪᠠᠶᠢᠴᠠᠭᠠᠨ ᠰᠤᠳᠤᠯᠤᠯᠲᠠ ᠳᠤᠮᠳᠠ᠂ ᠰᠢᠶᠧ ᠴᠦᠨ ᠾᠧ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠣᠳᠠᠲᠠᠢ ᠱᠠᠭᠠᠷᠳᠠᠯᠭ᠎ᠠ ᠳᠤᠷᠠᠳᠴᠠᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号