| ᠨᠡᠶᠢᠲᠡᠯᠡᠭᠰᠡᠨ ᠴᠠᠭ᠄ 2024-03-2810: 15 | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ | ᠲᠠᠯᠠᠪᠠᠶ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠣᠨ ᠤ ᠬᠠᠪᠤᠷ ᠤᠨ ᠤᠯᠠᠷᠢᠯ ᠤᠨ | ᠲᠠᠷᠢᠶᠠᠯᠠᠩ ᠤᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮ | ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | | 2024 ᠣᠨ ᠤ 3 ᠰᠠᠷ᠎ᠠ ᠶᠢᠨ 11 ᠤ ᠡᠳᠦᠷ | | | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠣᠨ ᠤ ᠬᠠᠪᠤᠷ ᠤᠨ ᠤᠯᠠᠷᠢᠯ ᠤᠨ ᠲᠠᠷᠢᠶᠠᠯᠠᠩ ᠤᠨ | ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮ ᠳᠠᠶᠢᠯᠠᠯᠳᠤᠭᠠᠨ ᠤ | ᠬᠡᠷᠡᠭᠵᠢᠭᠦᠯᠬᠦ ᠲᠥᠰᠥᠯ | ᠮᠠᠨ ᠤ ᠬᠤᠰᠢᠭᠤᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠥᠭᠡᠳ | ᠪᠦᠲᠦᠮᠵᠢᠲᠡᠶ ᠠᠬᠢᠭᠤᠯᠬᠤ ᠶᠢᠨ ᠲᠥᠯᠥᠭᠡ᠂ ᠲᠠᠷᠢᠶᠠᠯᠠᠩ ᠤᠨ ᠠᠮᠢ ᠠᠬᠤᠢ ᠶᠢᠨ ᠣᠷᠴᠢᠨ ᠲᠣᠭᠤᠷᠢᠨ ᠢ ᠴᠢᠨᠠᠭᠰᠢᠳᠠ | ᠰᠠᠶᠢᠵᠢᠷᠠᠭᠤᠯᠵᠤ᠂ ᠲᠠᠷᠢᠶᠠᠯᠠᠩ ᠤᠨ ᠬᠥᠭᠵᠢᠯᠲᠡ ᠶᠢ ᠴᠢᠩᠭᠠᠳᠬᠠᠵᠤ᠂ ᠲᠠᠷᠢᠶᠠᠯᠠᠩ ᠤᠨ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠠᠵᠤ ᠠᠬᠤᠢ ᠶᠢᠨ | ᠦᠷᠭᠦᠯᠵᠢᠯᠡᠨ ᠲᠣᠭᠲᠠᠭᠤᠨ ᠬᠥᠭᠵᠢᠬᠦ ᠶᠢ ᠪᠠᠲᠤᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠲᠠᠷᠢᠶᠠᠯᠠᠩ ᠤᠨ ᠤᠰᠤᠨ ᠠᠰᠢᠭᠯᠠᠯᠲᠠ ᠶᠢᠨ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠲᠦᠷᠭᠡᠨ ᠵᠠᠰᠠᠵᠤ᠂ | ᠭᠤᠣᠯ ᠤᠨ ᠵᠠᠮ᠂ ᠭᠤᠸ ᠰᠤᠪᠠᠭ ᠤᠨ ᠤᠰᠤ ᠶᠢ ᠰᠠᠭᠠᠳ ᠦᠭᠡᠢ ᠭᠠᠳᠠᠭᠰᠢᠯᠠᠭᠤᠯᠤᠭᠰᠠᠨ ᠠᠴᠠ ᠪᠣᠯᠵᠤ ᠲᠠᠷᠢᠶᠠᠨ | ᠭᠠᠵᠠᠷ ᠲᠤ ᠤᠰᠤ ᠬᠤᠷᠠᠵᠤ ᠲᠠᠷᠢᠮᠠᠯ ᠢ ᠭᠠᠮᠰᠢᠭᠳᠠᠭᠤᠯᠬᠤ ᠠᠰᠠᠭᠤᠳᠠᠯ ᠢ ᠰᠢᠢᠳᠪᠦᠷᠢᠯᠡᠨ᠂ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠰᠤᠳᠤᠯᠤᠨ ᠲᠣᠭᠲᠠᠭᠠᠬᠤ ᠪᠠᠷ ᠳᠡᠮᠵᠢᠨ᠂ | ᠬᠠᠪᠤᠷ ᠤᠨ ᠤᠯᠠᠷᠢᠯ ᠤᠨ ᠪᠦᠲᠦᠮᠵᠢᠲᠡᠶ ᠴᠠᠭ ᠢ ᠠᠰᠢᠭᠯᠠᠨ᠂ ᠪᠥᠬᠦ ᠬᠤᠰᠢᠭᠤᠨ ᠤ ᠬᠡᠪᠴᠢᠶᠡᠨ ᠳᠤ ᠬᠠᠪᠤᠷ ᠤᠨ | ᠤᠯᠠᠷᠢᠯ ᠤᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠬᠠᠮ ᠳᠠᠶᠢᠯᠠᠯᠳᠤᠭᠠᠨ ᠢ ᠥᠷᠨᠢᠭᠦᠯᠵᠦ᠂ ᠲᠣᠰ ᠲᠥᠰᠥᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ | ᠪᠠᠶᠢᠯᠳᠤᠬᠤ ᠪᠣᠳᠣᠯᠭ᠎ᠠ ᠶᠢ ᠠᠮᠤ ᠪᠤᠳᠠᠭᠠᠨ ᠤ ᠠᠮᠤᠷ ᠲᠦᠪᠰᠢᠨ ᠤ ᠬᠦᠨᠳᠦ ᠡᠭᠦᠷᠭᠡ ᠶᠢ ᠪᠠᠲᠤ ᠡᠭᠦᠷᠭᠡᠯᠡᠵᠦ᠂ | ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠳᠬᠠᠵᠤ᠂ ᠤᠯᠠᠨ | ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤ ᠥᠭᠴᠦ᠂ ᠤᠯᠠᠨ ᠲᠦᠮᠡᠨ ᠢ ᠢᠳᠡᠪᠬᠢᠲᠡᠢ ᠪᠠᠷ | ᠲᠠᠶᠢᠴᠢᠯᠠᠨ ᠬᠦᠴᠦ ᠬᠥᠳᠡᠯᠮᠦᠷᠢ ᠣᠷᠣᠭᠤᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠦᠶᠡᠷ ᠲᠠᠢ ᠲᠡᠮᠡᠴᠡᠨ ᠤᠰᠤᠲᠤᠯ ᠢ ᠵᠠᠯᠠᠬᠤ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠤᠰᠤ ᠵᠠᠯᠠᠬᠤ ᠰᠤᠪᠠᠭ ᠤᠨ ᠰᠢᠰᠲ᠋ᠧᠮ ᠢ ᠰᠠᠭᠠᠳ ᠦᠭᠡᠢ ᠨᠡᠪᠲᠡᠷᠡᠭᠦᠯᠬᠦ᠂ ᠲᠠᠷᠢᠶᠠᠨ | ᠭᠠᠵᠠᠷ ᠤᠨ ᠭᠠᠷᠤᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ᠂ ᠤᠯᠠᠨ ᠲᠦᠮᠡᠨ ᠤ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠬᠦ ᠬᠡᠷᠡᠭᠲᠡᠢ᠃ | ᠬᠤᠶᠠᠷ᠂ ᠠᠵᠢᠯ ᠤᠨ ᠬᠠᠷᠠᠯᠲᠠ ᠪᠠ ᠵᠠᠷᠴᠢᠮ | ︵ᠨᠢᠭᠡ︶ ᠠᠵᠢᠯ ᠤᠨ ᠬᠠᠷᠠᠯᠲᠠ | ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠰᠠᠯᠠᠭ᠎ᠠ ᠮᠥᠴᠢᠷ ᠵᠢᠯᠤᠭᠤᠳᠬᠤ᠂ ᠪᠠᠯᠭᠠᠰᠤ ᠲᠣᠰᠬᠤᠨ | ᠵᠣᠬᠢᠶᠠᠨ ᠪᠠᠶᠢᠭᠤᠯᠬᠤ᠂ ᠣᠯᠠᠨ ᠲᠦᠮᠡᠨ ᠣᠷᠣᠯᠴᠠᠬᠤ ᠪᠠᠷ ᠳᠡᠮᠵᠢᠨ᠂ ᠬᠠᠪᠤᠷ ᠤᠨ ᠤᠯᠠᠷᠢᠯ ᠤᠨ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠶᠡᠭᠡ | ᠳᠠᠶᠢᠯᠠᠯᠳᠤᠭᠠᠨ ᠢ ᠥᠷᠨᠢᠭᠦᠯᠵᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ | ᠳᠤᠲᠠᠭᠤᠳᠠᠯ ᠢ ᠨᠥᠬᠦᠪᠦᠷᠢᠯᠡᠵᠦ᠂ ᠲᠠᠷᠢᠶᠠᠨ ᠭᠠᠵᠠᠷ ᠤᠨ ᠤᠰᠤ ᠲᠠᠲᠠᠷᠠᠭᠤᠯᠬᠤ ︽ᠬᠢᠯᠭᠠᠰᠤᠨ ᠰᠤᠳᠠᠯ︾ ᠢ ᠪᠥᠬᠦ | ᠲᠠᠯ᠎ᠠ ᠪᠠᠷ ᠨᠠᠪᠲᠠᠷᠡᠭᠦᠯᠵᠦ᠂ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠤᠰᠤᠲᠤᠯ ᠢ ᠵᠠᠯᠠᠬᠤ ᠴᠢᠳᠠᠪᠤᠷᠢ ᠪᠠ ᠦᠶᠡᠷ | ᠤᠰᠤᠲᠤᠯ ᠤᠨ ᠭᠠᠮᠰᠢᠭ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠂ ︽ᠰᠤᠪᠠᠭ | ᠬᠠᠷᠢᠯᠴᠠᠨ ᠨᠡᠪᠲᠡᠷᠡᠬᠦ᠂ ᠵᠠᠮ ᠬᠠᠷᠢᠯᠴᠠᠨ ᠬᠤᠯᠪᠣᠯᠳᠤᠬᠤ᠂ ᠭᠠᠩ ᠢ ᠤᠰᠤᠯᠠᠵᠤ ᠪᠣᠯᠬᠤ᠂ ᠤᠰᠤᠲᠤᠯ ᠢ | ᠭᠠᠳᠠᠭᠰᠢᠯᠠᠭᠤᠯᠵᠤ ᠪᠣᠯᠬᠤ︾ ᠶᠢ ᠪᠡᠶᠡᠯᠡᠭᠦᠯᠦᠨ᠎ᠡ᠃ | ︵ᠬᠤᠶᠠᠷ︶ ᠠᠵᠢᠯ ᠤᠨ ᠵᠠᠷᠴᠢᠮ | 1. ᠣᠯᠠᠨ ᠲᠦᠮᠡᠨ ᠣᠷᠣᠯᠴᠠᠬᠤ ᠶᠢ ᠪᠠᠷᠢᠮᠲᠠᠯᠠᠨ᠎ᠠ᠃ ᠤᠯᠠᠨ ᠲᠦᠮᠡᠨ ᠢ ᠬᠥᠲᠥᠯᠥᠨ ᠵᠢᠯᠤᠭᠤᠳᠴᠤ | ᠪᠠᠶᠢᠭᠠᠳ ᠡᠵᠡᠨ ᠬᠥᠮᠥᠨ ᠤ ᠤᠬᠠᠮᠰᠠᠷ ᠢ ᠪᠤᠢ ᠪᠣᠯᠭᠠᠵᠤ᠂ ᠤᠯᠠᠨ ᠲᠦᠮᠡᠨ ᠤ ᠢᠳᠡᠪᠬᠢᠵᠢᠯ ᠪᠠ ᠪᠦᠲᠦᠭᠡᠯᠴᠢ | ᠴᠢᠨᠠᠷ ᠢ ᠪᠠᠳᠠᠷᠠᠭᠤᠯᠤᠨ᠂ ᠠᠶᠢᠯ ᠲᠣᠰᠬᠤᠨ ᠢᠶᠠᠷ ᠨᠢᠭᠡᠴᠢ ᠪᠣᠯᠭᠠᠨ᠂ ᠤᠯᠠᠨ ᠲᠦᠮᠡᠨ ᠢ ᠲᠠᠶᠢᠴᠢᠯᠠᠨ ᠬᠦᠴᠦ | ᠬᠥᠳᠡᠯᠮᠦᠷᠢ ᠣᠷᠣᠭᠤᠯᠵᠤ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠶᠡᠭᠡ ᠳᠠᠶᠢᠯᠠᠯᠳᠤᠭᠠᠨ ᠳᠤ ᠣᠷᠣᠯᠴᠠᠭᠤᠯᠵᠤ᠂ ︽ᠥᠪᠡᠷ ᠤᠨ ᠰᠠᠶᠢᠨ ᠲᠠᠷᠢᠶ᠎ᠠ ᠪᠠᠨ | ᠥᠪᠡᠷ ᠢᠶᠠᠨ ᠲᠠᠷᠢᠵᠤ᠂ ᠥᠪᠡᠷ ᠢᠶᠠᠨ ᠬᠠᠮᠢᠶᠠᠷᠴᠤ᠂ ᠥᠪᠡᠷ ᠢᠶᠠᠨ ᠬᠤᠷᠢᠶᠠᠬᠤ︾ ᠶᠢ ᠪᠡᠶᠡᠯᠡᠬᠦᠯᠦᠨ᠎ᠡ᠃ | 2. ᠵᠢᠷᠤᠮᠵᠢᠭᠤᠯᠬᠤ ᠪᠠᠷᠢᠮᠵᠢᠶ᠎ᠠ ᠶᠢ ᠪᠠᠷᠢᠮᠲᠠᠯᠠᠨ᠎ᠠ᠃ ᠰᠠᠯᠠᠭ᠎ᠠ ᠮᠥᠴᠢᠷ ᠤᠨ ᠵᠢᠯᠤᠭᠤᠳᠬᠤ ᠬᠠᠷᠢᠭᠤᠴᠠᠯᠭ᠎ᠠ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ ᠵᠢᠷᠤᠮᠵᠢᠭᠰᠠᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠵᠤ᠂ ᠪᠠᠷᠢᠯᠭ᠎ᠠ ᠶᠢᠨ ᠵᠢᠷᠤᠭ ᠲᠥᠯᠥᠪᠯᠡᠭᠡ᠂ ᠠᠵᠢᠯ | ᠡᠬᠢᠯᠡᠭᠦᠯᠬᠦ᠂ ᠪᠠᠷᠢᠯᠭ᠎ᠠ ᠪᠠᠷᠢᠬᠤ᠂ ᠰᠢᠯᠭᠠᠨ ᠠᠪᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ | ᠪᠥᠬᠦ ᠶᠠᠪᠤᠴᠠ ᠪᠠᠷ ᠵᠢᠯᠤᠭᠤᠳᠴᠤ᠂ ᠬᠡᠰᠡᠭ ᠬᠤᠪᠢᠶᠠᠨ ᠵᠢᠯᠤᠭᠤᠳᠴᠤ᠂ ᠴᠢᠭ᠋ ᠲᠤ ᠰᠠᠭᠤᠨ ᠵᠢᠯᠤᠭᠤᠳᠴᠤ᠂ | ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠭᠰᠠᠨ | ᠳᠠᠶᠢᠯᠠᠯᠳᠤᠭᠠᠨ ᠢ ᠵᠢᠷᠤᠮᠵᠢᠭᠤᠯᠤᠨ ᠥᠷᠨᠢᠭᠦᠯᠬᠦ ᠶᠢ ᠪᠠᠳᠤᠯᠠᠨ᠎ᠠ᠃ | 3. ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠨ᠎ᠠ᠃ ᠬᠤᠰᠢᠭᠤᠨ ᠱᠠᠲᠤ | ᠨᠢᠭᠡᠳᠦᠯᠲᠡᠢ ᠲᠥᠯᠥᠪᠯᠡᠬᠦ᠂ ᠰᠤᠮᠤ ᠪᠠᠯᠭᠠᠰᠤ ᠲᠠᠯᠠᠪᠠᠶ ᠬᠠᠷᠢᠭᠤᠴᠠᠬᠤ᠂ ᠭᠠᠴᠠᠭ᠎ᠠ ᠲᠣᠰᠬᠤᠨ ︵ᠲᠠᠯᠠᠪᠠᠶ ᠬᠤᠪᠢᠶᠠᠨ︶ | ᠬᠡᠷᠡᠭᠵᠢᠭᠦᠯᠬᠦ ᠵᠠᠷᠴᠢᠮ ᠢ ᠪᠠᠷᠢᠮᠲᠠᠯᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠬᠢᠮᠳᠠ | ᠪᠥᠭᠡᠳ ᠪᠣᠳᠠᠲᠤ ᠪᠠᠶᠢᠳᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠦᠯᠦᠨ᠂ ᠠᠶᠢᠯ | ᠲᠣᠰᠬᠤᠨ ᠤ ᠤᠰᠤ ᠲᠠᠲᠠᠷᠠᠭᠤᠯᠬᠤ ᠰᠤᠪᠠᠭ ᠪᠠ ᠲᠠᠷᠢᠶᠠᠨ ᠭᠠᠵᠠᠷ ᠤᠨ ᠤᠰᠤ ᠲᠠᠲᠠᠷᠠᠭᠤᠯᠬᠤ ᠰᠤᠪᠠᠭ ᠰᠤᠪᠠᠭ ᠢ | ᠵᠦᠢ ᠵᠣᠬᠢᠰᠲᠠᠢ ᠵᠢᠷᠤᠭᠯᠠᠨ ᠲᠥᠯᠥᠪᠯᠡᠵᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠳᠤᠲᠠᠭᠤᠳᠠᠯ ᠢ ᠨᠥᠬᠦᠪᠦᠷᠢᠯᠡᠵᠦ᠂ ᠲᠠᠷᠢᠶᠠᠨ ᠭᠠᠵᠠᠷ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ | ᠳᠡᠭᠡᠭᠰᠢᠯᠡᠭᠦᠯᠦᠨ᠂ ︽ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠵᠤ᠂ ᠥᠨᠳᠥᠷ ᠲᠣᠭᠲᠠᠭᠤᠨ | ᠬᠤᠷᠢᠶᠠᠯᠲᠠ ᠲᠠᠢ ᠪᠠᠶᠢᠬᠤ︾ ᠶᠢ ᠪᠡᠶᠡᠯᠡᠬᠦᠯᠦᠨ᠎ᠡ᠃ | ᠭᠤᠷᠪᠠ᠂ ᠭᠤᠣᠯ ᠡᠭᠦᠷᠭᠡ | ︵ᠨᠢᠭᠡ︶ ᠠᠶᠢᠯ ᠲᠣᠰᠬᠤᠨ ᠤ ᠤᠰᠤ ᠲᠠᠲᠠᠷᠠᠭᠤᠯᠬᠤ ᠭᠤᠤ ᠰᠤᠪᠠᠭ ᠢ ᠵᠢᠭᠰᠠᠭᠠᠨ ᠪᠠᠶᠢᠴᠠᠭᠠᠵᠤ ᠵᠠᠰᠠᠨ᠎ᠠ | 1. ᠠᠵᠢᠯ ᠤᠨ ᠡᠭᠦᠷᠭᠡ᠃ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠠᠴᠠ ᠣᠯᠠᠨ ᠲᠦᠮᠡᠨ ᠢ | ᠵᠣᠬᠢᠶᠠᠨ ᠪᠠᠶᠢᠭᠤᠯᠵᠤ ᠪᠠᠶᠢᠭᠠᠳ ᠤᠰᠤ ᠬᠤᠷᠠᠬᠤ ᠪᠠ ᠤᠰᠤ ᠬᠤᠷᠠᠬᠤ ᠳᠠᠯᠳᠠ ᠬᠡᠮ ᠣᠷᠣᠰᠢᠵᠤ ᠪᠠᠶᠢᠭ᠎ᠠ ᠵᠠᠮ ᠤᠨ | ᠬᠡᠰᠡᠭ ᠲᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠯᠲᠠ ᠬᠢᠵᠦ᠂ ᠣᠲᠣ ᠶᠢᠨ ᠪᠠᠶᠢᠭ᠎ᠠ ᠭᠤᠸ ᠰᠤᠪᠠᠭ ᠢ | ᠴᠡᠪᠡᠷᠯᠡᠬᠦ ᠶᠢᠨ ᠬᠠᠮᠲᠤ᠂ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠠᠶᠢᠯ ᠲᠣᠰᠬᠤᠨ ᠤ ᠡᠷᠬᠢᠨ ᠲᠣᠭᠤᠷᠢᠨ ᠤ | ᠨᠣᠣᠰᠣᠨ ᠰᠤᠪᠠᠭ᠂ ᠰᠠᠯᠪᠤᠷᠢ ᠰᠤᠪᠠᠭ ᠲᠠᠢ ᠬᠤᠯᠪᠣᠭᠰᠠᠨ ᠤᠰᠤ ᠲᠠᠲᠠᠷᠠᠭᠤᠯᠬᠤ ᠭᠤᠸ ᠰᠤᠪᠠᠭ ᠢ ᠪᠠᠶᠢᠭᠤᠯᠵᠤ᠂ | ᠬᠤᠷᠠᠭᠰᠠᠨ ᠤᠰᠤ ᠶᠢ ᠴᠠᠭ ᠲᠤᠬᠠᠢ ᠳᠤᠨᠢ ᠤᠷᠤᠭᠰᠢᠲᠠᠢ ᠭᠠᠳᠠᠭᠰᠢᠯᠠᠭᠤᠯᠬᠤ ᠶᠢ ᠦᠨᠡᠨᠬᠦ ᠪᠠᠲᠤᠯᠠᠵᠤ᠂ ᠣᠯᠠᠨ | ᠲᠦᠮᠡᠨ ᠤ ᠭᠠᠳᠠᠭᠰᠢ ᠭᠠᠷᠬᠤ ᠳᠤ ᠲᠥᠬᠦᠮ ᠦᠵᠡᠭᠦᠯᠬᠦ ᠬᠡᠷᠡᠭᠲᠡᠢ᠃ ᠭᠤᠤ ᠰᠤᠪᠠᠭ ᠤᠨ ᠵᠠᠮ ᠱᠤᠭᠤᠮ ᠨᠢ ᠠᠶᠢᠯ | ᠲᠣᠰᠬᠤᠨ ᠤ ᠨᠣᠭᠤᠭᠠᠷᠠᠭᠤᠯᠤᠯᠲᠠ ᠯᠤᠭ᠎ᠠ ᠮᠥᠷᠭᠦᠯᠳᠦᠭᠡᠨ ᠭᠠᠷᠪᠠᠯ᠂ ᠬᠦᠨᠳᠦ ᠬᠥᠩᠭᠡᠨ ᠠᠯᠭᠤᠷ ᠪᠠᠴᠢᠮ ᠢ ᠢᠯᠭᠠᠨ | ᠲᠣᠳᠣᠷᠬᠠᠶᠢᠯᠠᠵᠤ᠂ ︽ᠨᠢᠭᠡ ᠬᠡᠷᠡᠭ ᠢ ᠨᠢᠭᠡ ᠵᠥᠪᠯᠡᠬᠦ︾ ᠵᠠᠷᠴᠢᠮ ᠶᠣᠰᠣᠭᠠᠷ ᠰᠢᠢᠳᠪᠦᠷᠢᠯᠡᠨ᠎ᠡ᠃ | 2. ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠡᠯ᠎ᠡ ᠰᠤᠮᠤ ᠪᠠᠯᠭᠠᠰᠤᠨ ᠤ ᠲᠠᠯᠠᠪᠠᠶ᠂ ᠭᠠᠴᠠᠭ᠎ᠠ | ᠲᠣᠰᠬᠤᠨ ᠨᠤᠭᠤᠳ ᠲᠠᠯᠠᠪᠠᠶ ᠬᠤᠪᠢᠶᠠᠨ ᠣᠯᠠᠨ ᠲᠦᠮᠡᠨ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | ᠬᠤᠰᠢᠭᠤᠨ ᠤᠰᠤᠨ ᠤ ᠶᠠᠪᠤᠳᠠᠯ ᠤᠨ ᠲᠣᠪᠴᠢᠶ᠎ᠠ ᠨᠢ ᠮᠡᠷᠭᠡᠵᠢᠯ ᠤᠨ ᠵᠢᠯᠣᠭᠤᠳᠤᠯᠭ᠎ᠠ ᠶᠢ ᠬᠠᠷᠢᠭᠤᠴᠠᠵᠤ᠂ | ᠬᠡᠷᠡᠭᠵᠢᠭᠦᠯᠬᠦ ᠪᠠᠷᠢᠮᠵᠢᠶ᠎ᠠ ᠶᠢ ᠵᠢᠷᠤᠮᠵᠢᠭᠤᠯᠤᠨ᠎ᠠ᠃ | ︵ᠬᠤᠶᠠᠷ︶ ᠲᠠᠷᠢᠶᠠᠨ ᠭᠠᠵᠠᠷ ᠤᠨ ᠤᠰᠤ ᠵᠠᠯᠠᠬᠤ ᠭᠤᠤ ᠰᠤᠪᠠᠭ ᠪᠠᠶᠢᠭᠤᠯᠤᠨ᠎ᠠ | 1. ᠠᠵᠢᠯ ᠤᠨ ᠡᠭᠦᠷᠭᠡ᠃ ᠠᠶᠢᠯ ᠲᠣᠰᠬᠤᠨ ᠢᠶᠠᠷ ᠨᠢᠭᠡᠴᠡ ᠪᠣᠯᠭᠠᠵᠤ᠂ ᠣᠯᠠᠨ ᠲᠦᠮᠡᠨ ᠢ ᠵᠣᠬᠢᠶᠠᠨ | ᠪᠠᠶᠢᠭᠤᠯᠤᠨ ᠲᠠᠷᠢᠶᠠᠨ ᠭᠠᠵᠠᠷ ᠤᠨ ᠤᠰᠤ ᠬᠤᠷᠠᠭᠰᠠᠨ ᠪᠠᠶᠢᠳᠠᠯ ᠪᠠ ᠬᠤᠲᠣᠭᠤᠷ ᠭᠠᠵᠠᠷ᠂ ᠠᠮᠠᠷᠬᠠᠨ ᠤᠰᠤᠲᠤᠬᠤ | ᠲᠠᠷᠢᠶᠠᠨ ᠭᠠᠵᠠᠷ ᠪᠠ ᠲᠠᠯ᠎ᠠ ᠭᠠᠵᠠᠷ ᠤᠨ ᠤᠰᠤ ᠵᠠᠯᠠᠬᠤ ᠭᠤᠣ ᠰᠤᠪᠠᠭ ᠤᠨ ᠪᠠᠶᠢᠳᠠᠯ ᠢ ᠵᠢᠭᠰᠠᠭᠠᠨ ᠪᠠᠶᠢᠴᠠᠭᠠᠵᠤ᠂ | ᠣᠲᠣ ᠶᠢᠨ ᠪᠠᠶᠢᠭ᠎ᠠ ᠤᠰᠤ ᠲᠠᠲᠠᠷᠠᠭᠤᠯᠬᠤ ᠭᠤᠸ ᠰᠤᠪᠠᠭ ᠢ ᠨᠡᠪᠲᠡᠷᠡᠭᠦᠯᠦᠨ ᠴᠡᠪᠡᠷᠯᠡᠬᠦ ᠶᠢᠨ ᠬᠠᠮᠲᠤ ᠪᠣᠳᠠᠲᠠᠢ | ᠬᠡᠷᠡᠭᠴᠡᠭᠡ ᠪᠠᠨ ᠦᠨᠳᠦᠰᠦᠯᠡᠨ᠂ ᠲᠠᠷᠢᠶᠠᠨ ᠭᠠᠵᠠᠷ ᠤᠨ ᠤᠰᠤ ᠲᠠᠲᠠᠷᠠᠭᠤᠯᠬᠤ ᠭᠤᠸ ᠰᠤᠪᠠᠭ ᠢ ᠪᠠᠶᠢᠭᠤᠯᠬᠤ ᠨᠠᠷᠢᠨ | ᠲᠥᠰᠥᠯ ᠢ ᠲᠣᠭᠲᠠᠭᠠᠵᠤ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ | ᠶᠠᠷᠢᠯᠴᠠᠭᠤᠯᠵᠤ ᠪᠠᠲᠤᠯᠠᠭᠤᠯᠤᠭᠰᠠᠨ ᠤ ᠳᠠᠷᠠᠭ᠎ᠠ᠂ ᠣᠶᠢᠷ᠎ᠠ ᠬᠠᠪᠢ ᠶᠢᠨ ᠨᠣᠣᠰᠣᠨ ᠰᠤᠪᠠᠭ᠂ ᠰᠠᠯᠪᠤᠷᠢ ᠰᠤᠪᠠᠭ᠂ | ᠭᠤᠣᠯ ᠰᠤᠪᠠᠭ ᠲᠠᠢ ᠨᠡᠪᠲᠡᠷᠡᠭᠰᠡᠨ ᠲᠠᠷᠢᠶᠠᠨ ᠭᠠᠵᠠᠷ ᠤᠨ ᠤᠰᠤ ᠲᠠᠲᠠᠷᠠᠭᠤᠯᠬᠤ ᠭᠤᠸ ᠰᠤᠪᠠᠭ ᠢ ᠵᠠᠰᠠᠵᠤ᠂ | ᠲᠠᠷᠢᠶᠠᠨ ᠭᠠᠵᠠᠷ ᠤᠨ ᠲᠤᠨᠤᠮᠠᠯ ᠤᠰᠤ ᠶᠢ ᠪᠦᠲᠦᠮᠵᠢᠲᠡᠶ ᠭᠠᠳᠠᠭᠰᠢᠯᠠᠭᠤᠯᠤᠨ᠎ᠠ᠃ ᠪᠠᠶᠢᠭᠠᠯᠢ ᠶᠢᠨ ᠨᠥᠬᠦᠴᠡᠯ ᠪᠤᠶᠤ | ᠭᠠᠵᠠᠷ ᠤᠨ ᠪᠠᠶᠢᠴᠠ ᠶᠢᠨ ᠰᠢᠯᠲᠠᠭᠠᠨ ᠠᠴᠠ ᠪᠣᠯᠵᠤ ᠨᠣᠣᠰᠣᠨ ᠰᠤᠪᠠᠭ᠂ ᠰᠠᠯᠪᠤᠷᠢ ᠰᠤᠪᠠᠭ ᠲᠠᠢ ᠵᠠᠯᠭᠠᠯᠳᠤᠬᠤ ᠶᠢᠨ | ᠠᠷᠭ᠎ᠠ ᠦᠭᠡᠢ ᠪᠠᠶᠢᠪᠠᠯ᠂ ᠬᠤᠲᠣᠭᠤᠷ ᠭᠠᠵᠠᠷ ᠤᠨ ᠪᠦᠰᠡ ᠳᠤ ᠦᠶᠡᠷ ᠢ ᠲᠣᠭᠲᠠᠭᠠᠬᠤ ᠣᠷᠣᠨ ᠪᠠᠶᠢᠭᠤᠯᠵᠤ᠂ | ᠲᠠᠷᠢᠶᠠᠨ ᠭᠠᠵᠠᠷ ᠤᠨ ᠭᠠᠳᠠᠭᠰᠢᠯᠠᠭᠤᠯᠤᠭᠰᠠᠨ ᠲᠤᠨᠤᠮᠠᠯ ᠤᠰᠤ ᠶᠢ ᠦᠶᠡᠷ ᠢ ᠲᠣᠭᠲᠠᠭᠠᠬᠤ ᠣᠷᠣᠨ ᠳᠤ | ᠣᠷᠣᠭᠤᠯᠤᠨ᠎ᠠ᠃ ᠦᠨᠡᠬᠡᠷ ᠭᠠᠳᠠᠭᠰᠢᠯᠠᠭᠤᠯᠬᠤ ᠶᠢᠨ ᠠᠷᠭ᠎ᠠ ᠦᠭᠡᠢ ᠪᠠᠶᠢᠪᠠᠯ᠂ ᠡᠷᠤᠭᠡ ᠳᠤ ᠬᠦᠷᠲᠡᠯ᠎ᠡ ᠲᠦᠷᠦᠯ | ᠵᠦᠢᠯ ᠢ ᠨᠠᠶᠢᠳᠠᠪᠤᠷᠢᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠤᠯᠪᠣᠭᠳᠠᠯ ᠪᠦᠬᠦᠢ ᠭᠠᠮᠰᠢᠭᠳᠠᠭᠰᠠᠨ | ᠡᠷᠤᠭᠡ ᠶᠢᠨ ᠣᠷᠣᠯᠭ᠎ᠠ ᠶᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ ᠤᠯᠠᠨ | ᠲᠦᠮᠡᠨ ᠤ ᠦᠵᠡᠯ ᠰᠠᠨᠠᠭᠠᠨ ᠤ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ | 2. ᠬᠠᠷᠢᠭᠤᠴᠠᠯᠭ᠎ᠠ ᠶᠢᠨ ᠭᠤᠣᠯ ᠴᠣᠭᠴᠠ᠃ ᠡᠯ᠎ᠡ ᠰᠤᠮᠤ ᠪᠠᠯᠭᠠᠰᠤᠨ ᠤ ᠲᠠᠯᠠᠪᠠᠶ᠂ ᠭᠠᠴᠠᠭ᠎ᠠ ᠲᠣᠰᠬᠤᠨ ᠨᠤᠭᠤᠳ | ᠲᠠᠯᠠᠪᠠᠶ ᠬᠤᠪᠢᠶᠠᠨ ᠣᠯᠠᠨ ᠲᠦᠮᠡᠨ ᠢ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ᠃ | ︵ᠭᠤᠷᠪᠠ︶ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ | 1. ᠠᠵᠢᠯ ᠤᠨ ᠡᠭᠦᠷᠭᠡ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠵᠢᠴᠢ | ᠨᠦᠭᠡᠰᠤᠳᠠᠢ ᠪᠠᠯᠭᠠᠰᠤ᠂ ᠮᠤᠤᠳᠤᠤᠳᠤ ᠰᠤᠮᠤ᠂ ᠪᠠᠶᠠᠨᠮᠤᠳᠤ ᠰᠤᠮᠤ᠂ ᠠᠭᠤᠯᠠ ᠪᠠᠯᠭᠠᠰᠤ᠂ ᠱᠧᠩ ᠯᠢ | ᠲᠠᠷᠢᠶᠠᠯᠠᠩ ᠤᠨ ᠲᠠᠯᠠᠪᠠᠶ᠂ ᠪᠠᠭᠠᠳᠠᠯ᠎ᠠ ᠰᠤᠮᠤ᠂ ᠶᠢᠨ ᠪᠦᠦ ᠲᠦᠨ ᠪᠠᠯᠭᠠᠰᠤ᠂ ᠴᠠᠩ ᠱᠧᠩ ᠪᠠᠯᠭᠠᠰᠤ ᠵᠡᠷᠭᠡ 8 | ᠰᠤᠮᠤ ᠪᠠᠯᠭᠠᠰᠤ ︵ᠲᠠᠯᠠᠪᠠᠶ︶ ᠨᠡᠪᠲᠡᠷᠡᠯᠴᠡᠭᠡ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ 2024 ᠣᠨ ᠤ 15. | 14 ᠲᠦᠮᠡᠨ ᠮᠦ ᠬᠠᠪᠤᠷ ᠤᠨ ᠤᠯᠠᠷᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠥᠨᠳᠥᠷ ᠦᠷ᠎ᠡ | ᠪᠦᠲᠦᠮᠵᠢᠲᠡᠶ ᠤᠰᠤ ᠠᠷᠪᠢᠯᠠᠬᠤ ᠪᠠᠷ ᠭᠤᠣᠯ ᠪᠣᠯᠭᠠᠨ᠂ ᠲᠠᠷᠢᠶ᠎ᠠ᠂ ᠰᠢᠷᠣᠢ᠂ ᠤᠰᠤ᠂ ᠵᠠᠮ᠂ ᠤᠢ ᠰᠢᠭᠤᠢ᠂ | ᠴᠠᠬᠢᠯᠭᠠᠨ᠂ ᠮᠡᠷᠭᠡᠵᠢᠯ᠂ ᠬᠤᠭᠤᠯᠠᠢ ᠵᠡᠷᠭᠡ ᠨᠠᠢᠮᠠᠨ ᠲᠠᠯ᠎ᠠ ᠪᠠᠷ ᠶᠡᠷᠦᠩᠬᠡᠶᠢᠯᠡᠨ ᠢᠵᠢ ᠪᠦᠷᠢᠳᠦᠭᠦᠯᠬᠦ ᠶᠢ ᠲᠦᠯᠬᠢᠨ | ᠠᠬᠢᠭᠤᠯᠵᠤ᠂ ᠲᠠᠷᠢᠶᠠᠨ ᠭᠠᠵᠠᠷ ᠣᠨ ᠰᠠᠭᠤᠷᠢ ᠪᠡᠯᠡᠳᠬᠡᠮᠵᠢ ᠶᠢ ᠲᠠᠰᠤᠷᠠᠯᠳᠠ ᠦᠭᠡᠢ ᠰᠠᠶᠢᠵᠢᠷᠠᠭᠤᠯᠤᠨ᠂ | ᠤᠰᠤᠯᠠᠬᠤ ᠪᠠ ᠤᠰᠤ ᠵᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ︽ᠬᠠᠭᠰᠠᠷᠠᠪᠠᠯ ᠤᠰᠤᠯᠠᠬᠤ᠂ ᠤᠰᠤᠳᠤᠪᠠᠯ | ᠤᠰᠤ ᠶᠢ ᠭᠠᠳᠠᠭᠰᠢᠯᠠᠭᠤᠯᠬᠤ︾ ᠤᠰᠤᠯᠠᠬᠤ ᠪᠠ ᠤᠰᠤ ᠵᠠᠯᠠᠬᠤ ᠰᠢᠰᠲ᠋ᠧᠮᠵᠢ ᠶᠢ ᠪᠤᠢ ᠪᠣᠯᠭᠠᠵᠤ᠂ ᠤᠰᠤᠨ ᠤ ᠡᠬᠢ | ᠪᠠᠶᠠᠯᠢᠭ ᠢ ᠭᠦᠢᠴᠡᠳ ᠠᠰᠢᠭᠯᠠᠨ᠂ ᠲᠠᠷᠢᠶᠠᠴᠢᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠬᠤᠲᠠ ᠶᠢᠨ | ᠱᠠᠲᠤᠨ ᠤ ᠨᠢᠭᠡᠨᠲᠡ ᠪᠠᠭᠤᠯᠭᠠᠭᠰᠠᠨ 15.14 ᠲᠦᠮᠡᠨ ᠮᠦ ᠬᠠᠪᠤᠷ ᠤᠨ ᠤᠯᠠᠷᠢᠯ ᠤᠨ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠭᠤᠣᠯ | ᠪᠠᠷᠢᠯᠭ᠎ᠠ ᠶᠢ ᠪᠡᠶᠡᠯᠡᠭᠦᠯᠵᠦ᠂ ᠬᠤᠰᠢᠭᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠣᠯᠣᠨ ᠡᠯ᠎ᠡ | ᠰᠤᠮᠤ ᠪᠠᠯᠭᠠᠰᠤᠨ ᠤ ᠲᠠᠯᠠᠪᠤᠷ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠢᠯ ᠢ ᠬᠠᠷᠰᠢᠯᠠᠬᠤ | ᠦᠵᠡᠭᠳᠡᠯ ᠭᠠᠷᠬᠤ ᠶᠢ ᠰᠡᠷᠭᠡᠶᠢᠯᠡᠨ᠂ ᠪᠠᠷᠢᠯᠭ᠎ᠠ ᠶᠢᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠢ᠃ ᠬᠤᠯᠪᠣᠭᠳᠠᠯ | ᠪᠦᠬᠦᠢ ᠰᠤᠮᠤ ᠪᠠᠯᠭᠠᠰᠤ ᠲᠠᠯᠠᠪᠠᠶ᠂ ᠭᠠᠴᠠᠭ᠎ᠠ ᠲᠣᠰᠬᠤᠨ ︵ᠬᠤᠪᠢᠶᠠᠷᠢ ᠲᠠᠯᠠᠪᠠᠶ︶ ᠨᠢ ᠲᠤᠰᠬᠠᠢ ᠬᠥᠮᠥᠨ ᠵᠢᠭᠠᠨ | ᠲᠣᠭᠲᠠᠭᠠᠵᠤ ᠲᠥᠷᠥᠯ ᠵᠦᠢᠯ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠶᠢᠨ ᠬᠠᠮᠲᠤ ᠦᠷᠭᠦᠯᠵᠢᠯᠡᠨ ᠬᠠᠮᠢᠶᠠᠷᠴᠤ ᠬᠠᠮᠠᠭᠠᠯᠠᠬᠤ | ᠠᠵᠢᠯ ᠢ ᠰᠠᠶᠢᠲᠤᠷ ᠬᠢᠨ᠎ᠡ᠃ | 2. ᠬᠠᠷᠢᠭᠤᠴᠠᠯᠭ᠎ᠠ ᠶᠢᠨ ᠭᠤᠣᠯ ᠴᠣᠭᠴᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠬᠠᠮᠢᠶᠠᠷᠤᠯᠲᠠ ᠪᠠ ᠨᠢᠭᠡᠳᠦᠯᠲᠡᠢ ᠲᠥᠯᠥᠪᠯᠡᠨ | ᠲᠣᠬᠢᠷᠠᠭᠤᠯᠬᠤ ᠵᠡᠷᠭᠡ ᠠᠵᠢᠯ ᠢ ᠰᠠᠶᠢᠲᠤᠷ ᠬᠢᠨ᠎ᠡ︔ ᠬᠠᠮᠢᠶ᠎ᠠ ᠪᠦᠬᠦᠢ ᠰᠤᠮᠤ ᠪᠠᠯᠭᠠᠰᠤ ᠲᠠᠯᠠᠪᠠᠶ ᠵᠢᠴᠢ ᠭᠠᠴᠠᠭ᠎ᠠ | ᠲᠣᠰᠬᠤᠨ ︵ᠬᠤᠪᠢᠶᠠᠷᠢ ᠲᠠᠯᠠᠪᠠᠶ︶ ᠨᠢ ᠨᠡᠪᠲᠡᠷᠡᠯᠴᠡᠨ ᠵᠣᠬᠢᠴᠠᠭᠤᠯᠬᠤ᠂ ᠤᠬᠠᠭᠤᠯᠬᠤ ᠪᠠ ᠦᠷᠭᠦᠯᠵᠢᠯᠡᠨ | ᠬᠠᠮᠢᠶᠠᠷᠴᠤ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ ᠃ | ︵ᠳᠥᠷᠪᠡ︶ ᠨᠢᠭᠡᠨᠲᠡ ᠬᠡᠷᠡᠭᠵᠢᠭᠦᠯᠦᠭᠰᠡᠨ ᠪᠠᠴᠢᠮ ᠪᠠᠶᠢᠳᠠᠯ ᠢ ᠠᠷᠭᠠᠴᠠᠵᠤ ᠦᠶᠡᠷ ᠵᠠᠯᠠᠬᠤ ᠢᠨᠵᠧᠨᠧᠷᠢᠩ | ᠢ ᠪᠠᠶᠢᠴᠠᠭᠠᠨ ᠵᠠᠰᠠᠬᠤ ᠠᠵᠢᠯ ᠢ ᠰᠠᠶᠢᠲᠤᠷ ᠬᠢᠨ᠎ᠡ | 1. ᠠᠵᠢᠯ ᠤᠨ ᠡᠭᠦᠷᠭᠡ᠃ ᠠᠶᠢᠯ ᠲᠣᠰᠬᠤᠨ ᠢᠶᠠᠷ ᠨᠢᠭᠡᠴᠢ ᠪᠣᠯᠭᠠᠨ 2022 ᠣᠨ ᠪᠠ 2023 ᠣᠨ ᠳᠤ | ᠨᠢᠭᠡᠨᠲᠡ ᠬᠡᠷᠡᠭᠵᠢᠭᠦᠯᠦᠭᠰᠡᠨ ᠬᠠᠭᠤᠷᠠᠢ ᠰᠤᠪᠠᠭ ᠤᠨ ᠬᠤᠷᠠᠭᠰᠠᠨ ᠢ ᠠᠷᠢᠯᠭᠠᠬᠤ ᠢᠨᠵᠧᠨᠧᠷᠢᠩ ᠢ ᠪᠥᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠪᠥᠬᠦ ᠬᠤᠰᠢᠭᠤᠨ ᠤ ᠭᠤᠣᠯ ᠨᠠᠭᠤᠷ ᠢ ᠬᠤᠯᠪᠣᠭᠰᠠᠨ ᠰᠤᠪᠠᠭ ᠤᠨ ᠰᠢᠰᠲ᠋ᠧᠮ ᠤᠨ | ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠰᠤᠪᠠᠭ ᠤᠨ ᠳᠣᠲᠣᠷᠠᠬᠢ ᠬᠤᠭ | ᠨᠣᠪᠰᠢ ᠶᠢ ᠪᠥᠬᠦ ᠲᠠᠯ᠎ᠠ ᠪᠠᠷ ᠴᠡᠪᠡᠷᠯᠡᠵᠦ᠂ ᠠᠮᠠᠷᠬᠠᠨ ᠲᠦᠭᠵᠢᠷᠡᠬᠦ ᠴᠡᠭ ᠢ ᠪᠥᠬᠦ ᠲᠠᠯ᠎ᠠ ᠪᠠᠷ ᠵᠠᠰᠠᠨ ᠰᠡᠯᠪᠢᠵᠦ᠂ | ᠠᠶᠢᠯ ᠲᠣᠰᠬᠤᠨ ᠵᠢᠴᠢ ᠲᠠᠷᠢᠶᠠᠨ ᠭᠠᠵᠠᠷ ᠲᠤ ᠶᠡᠭᠡ ᠬᠡᠪᠴᠢᠶ᠎ᠡ ᠪᠠᠷ ᠤᠰᠤ ᠬᠤᠷᠠᠬᠤ ᠠᠰᠠᠭᠤᠳᠠᠯ ᠳᠠᠭᠢᠵᠤ | ᠭᠠᠷᠬᠤ ᠶᠢ ᠬᠤᠷᠢᠭᠯᠠᠨ᠎ᠠ᠃ | 2. ᠬᠠᠷᠢᠭᠤᠴᠠᠯᠭ᠎ᠠ ᠶᠢᠨ ᠭᠤᠣᠯ ᠴᠣᠭᠴᠠ᠃ ᠡᠯ᠎ᠡ ᠰᠤᠮᠤ ᠪᠠᠯᠭᠠᠰᠤ ᠶᠢᠨ ᠲᠠᠯᠠᠪᠠᠶ᠂ ᠭᠠᠴᠠᠭ᠎ᠠ ᠲᠣᠰᠬᠤᠨ ︵ | ᠬᠤᠪᠢᠶᠠᠷᠢ ᠲᠠᠯᠠᠪᠠᠶ︶ ᠨᠢ ᠣᠯᠠᠨ ᠲᠦᠮᠡᠨ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠬᠤᠰᠢᠭᠤᠨ | ᠤᠰᠤᠨ ᠤ ᠶᠠᠪᠤᠳᠠᠯ ᠤᠨ ᠲᠣᠪᠴᠢᠶ᠎ᠠ ᠮᠡᠷᠭᠡᠵᠢᠯ ᠤᠨ ᠵᠢᠯᠣᠭᠤᠳᠤᠯᠭ᠎ᠠ ᠶᠢ ᠬᠠᠷᠢᠭᠤᠴᠠᠨ᠎ᠠ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠪᠥᠬᠦ ᠬᠤᠰᠢᠭᠤᠨ ᠤ | ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠡᠭᠡ | ᠳᠠᠶᠢᠯᠠᠯᠳᠤᠭᠠᠨ ᠪᠣᠯ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠢ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠴᠢᠬᠤᠯᠠ ᠠᠵᠢᠯ ᠪᠣᠯᠣᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ᠂ ᠤᠰᠤᠨ ᠤ ᠶᠠᠪᠤᠳᠠᠯ | ᠵᠡᠷᠭᠡ ᠰᠠᠯᠠᠭ᠎ᠠ ᠮᠥᠴᠢᠷ ᠪᠣᠯᠣᠨ ᠡᠯ᠎ᠡ ᠰᠤᠮᠤ ᠪᠠᠯᠭᠠᠰᠤᠨ ᠤ ᠲᠠᠯᠠᠪᠠᠶ ᠨᠤᠭᠤᠳ ᠲᠠᠷᠢᠶᠠᠯᠠᠩ ᠤᠨ ᠤᠰᠤᠨ | ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠭᠰᠠᠨ ᠳᠠᠶᠢᠯᠠᠯᠳᠤᠭᠠᠨ ᠤ ᠡᠯ᠎ᠡ | ᠵᠦᠢᠯ ᠤᠨ ᠠᠵᠢᠯ ᠢ ᠲᠣᠬᠢᠷᠠᠭᠤᠯᠤᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ 5 ᠰᠠᠷ᠎ᠠ ᠶᠢᠨ 10 ᠤ | ᠡᠳᠦᠷ ᠠᠴᠠ ᠡᠮᠦᠨ᠎ᠡ ᠪᠥᠬᠦ ᠠᠵᠢᠯ ᠤᠨ ᠡᠭᠦᠷᠭᠡ ᠪᠠᠨ ᠪᠡᠶᠡᠯᠡᠭᠦᠯᠬᠦ ᠬᠡᠷᠡᠭᠲᠡᠢ᠃ ᠬᠤᠰᠢᠭᠤᠨ ᠤ ᠪᠤᠭᠤᠲᠤ ᠶᠢᠨ | ᠬᠤᠯᠪᠣᠭ᠎ᠠ ᠶᠢᠨ ᠤᠳᠤᠷᠢᠳᠤᠯᠭ᠎ᠠ ᠨᠢ ᠪᠤᠭᠤᠲᠤ ᠶᠢᠨ ᠬᠤᠯᠪᠣᠭ᠎ᠠ ᠶᠢᠨ ᠰᠤᠮᠤ ᠶᠢᠨ ᠪᠠᠯᠭᠠᠰᠤᠨ ᠤ ᠲᠠᠯᠠᠪᠠᠶ ᠶᠢᠨ | ᠬᠠᠮᠲᠤᠷᠠᠭᠰᠠᠨ ᠶᠡᠭᠡ ᠳᠠᠶᠢᠯᠠᠯᠳᠤᠭᠠᠨ ᠢ ᠬᠢᠨᠠᠨ ᠵᠢᠯᠤᠭᠤᠳᠴᠤ᠂ ᠮᠥᠷᠳᠡᠨ ᠠᠬᠢᠭᠤᠯᠤᠨ᠎ᠠ᠃ | ︵ᠬᠤᠶᠠᠷ︶ ᠥᠷᠭᠡᠨ ᠢᠶᠠᠷ ᠤᠬᠠᠭᠤᠯᠤᠨ ᠲᠠᠶᠢᠴᠢᠯᠠᠨ᠎ᠠ᠃ ᠡᠯ᠎ᠡ ᠰᠤᠮᠤ ᠪᠠᠯᠭᠠᠰᠤ ᠲᠠᠯᠠᠪᠠᠶ ᠨᠤᠭᠤᠳ | ᠤᠬᠠᠭᠤᠯᠭ᠎ᠠ ᠶᠢᠨ ᠵᠠᠭᠤᠴᠢ᠂ ᠡᠷᠦᠬᠡ ᠳᠤ ᠬᠦᠷᠴᠦ ᠰᠤᠷᠪᠤᠯᠵᠢᠯᠠᠬᠤ᠂ ᠲᠥᠪᠯᠡᠷᠡᠭᠦᠯᠦᠨ ᠰᠣᠯᠢᠯᠴᠠᠬᠤ᠂ ᠲᠤᠬᠠᠢ ᠶᠢᠨ | ᠭᠠᠵᠠᠷ ᠲᠤᠨᠢ ᠵᠢᠱᠢᠶ᠎ᠡ ᠦᠵᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠤ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠦᠵᠡᠯ | ᠤᠬᠠᠮᠰᠠᠷ ᠪᠠ ᠣᠷᠣᠯᠴᠠᠬᠤ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠭᠠᠴᠠᠭᠠᠨ ᠤ | ᠲᠣᠭᠲᠠᠭᠠᠯ ᠠᠷᠠᠳ ᠤᠨ ᠭᠡᠷ᠎ᠡ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠵᠥᠪ ᠲᠠᠯ᠎ᠠ ᠠᠴᠠ ᠤᠯᠠᠨ ᠲᠦᠮᠡᠨ ᠢ | ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠬᠠᠮᠲᠤᠷᠠᠭᠰᠠᠨ ᠶᠡᠭᠡ | ᠳᠠᠶᠢᠯᠠᠯᠳᠤᠭᠠᠨ ᠳᠤ ᠣᠷᠣᠯᠴᠠᠭᠤᠯᠵᠤ᠂ ᠤᠯᠠᠨ ᠢᠶᠠᠷ ᠢᠶᠠᠨ ᠠᠷᠭ᠎ᠠ ᠤᠬᠠᠭᠠᠨ ᠭᠠᠷᠭᠠᠵᠤ ᠬᠦᠴᠦ ᠪᠠᠨ ᠬᠠᠮᠲᠤᠳᠬᠠᠨ᠂ | ᠬᠠᠮᠲᠤ ᠪᠠᠷ ᠪᠠᠶᠢᠭᠤᠯᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ | ᠤᠬᠠᠭᠤᠯᠬᠤ ᠰᠠᠯᠠᠭ᠎ᠠ ᠮᠥᠴᠢᠷ ᠤᠨ ᠬᠢᠨ ᠡᠯ᠎ᠡ ᠲᠦᠷᠦᠯ ᠤᠨ ᠤᠬᠠᠭᠤᠯᠭ᠎ᠠ ᠶᠢᠨ ᠵᠠᠭᠤᠴᠢᠯᠠᠭᠤᠷ ᠢ ᠨᠢᠭᠡᠳᠦᠯᠲᠡᠢ | ᠲᠥᠯᠥᠪᠵᠢᠭᠦᠯᠵᠦ᠂ ᠤᠯᠠᠨ ᠠᠷᠭ᠎ᠠ ᠵᠠᠮ ᠤᠯᠠᠨ ᠲᠠᠯ᠎ᠠ ᠠᠴᠠ ᠶᠡᠭᠡ ᠳᠠᠶᠢᠯᠠᠯᠳᠤᠭᠠᠨ ᠤ ᠠᠵᠢᠯ ᠢ ᠥᠷᠨᠢᠭᠦᠯᠦᠭᠰᠡᠨ | ᠪᠠᠶᠢᠳᠠᠯ ᠢ ᠴᠠᠭ ᠲᠤᠬᠠᠢ ᠳᠤᠨᠢ ᠨᠡᠶᠢᠲᠡᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠥᠷᠭᠡᠨ ᠢᠶᠠᠷ | ᠤᠬᠠᠭᠤᠯᠬᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ | ︵ᠭᠤᠷᠪᠠ︶ ᠰᠢᠮᠳᠠᠭᠤᠯᠤᠨ ᠪᠠᠶᠢᠴᠠᠭᠠᠵᠤ ᠵᠢᠯᠤᠭᠤᠳᠬᠤ ᠪᠠᠨ ᠴᠢᠩᠭᠠᠳᠬᠠᠨ᠎ᠠ᠃ ᠬᠤᠰᠢᠭᠤᠨ ᠤᠰᠤᠨ ᠤ | ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠬᠤᠪᠢᠳᠠᠨ ᠬᠠᠮᠢᠶᠠᠷᠴᠤ ᠪᠦᠬᠦᠢ | ᠳᠡᠳ᠋ ᠲᠣᠪᠴᠢᠶᠠᠨ ᠳᠠᠷᠤᠭ᠎ᠠ ᠪᠠᠷ ᠳᠠᠭᠠᠭᠤᠯᠤᠭᠰᠠᠨ ᠰᠢᠮᠳᠠᠭᠤᠯᠤᠨ ᠪᠠᠶᠢᠴᠠᠭᠠᠵᠤ ᠵᠢᠭᠠᠨ ᠵᠢᠯᠤᠭᠤᠳᠬᠤ | ᠳᠤᠭᠤᠶᠢᠯᠠᠩ ᠢ ᠲᠣᠰ ᠲᠣᠰ ᠵᠣᠬᠢᠶᠠᠨ ᠪᠠᠶᠢᠭᠤᠯᠵᠤ᠂ ᠡᠯ᠎ᠡ ᠰᠤᠮᠤ ᠪᠠᠯᠭᠠᠰᠤᠨ ᠤ ᠲᠠᠯᠠᠪᠠᠶ ᠳᠤ ᠭᠦᠨᠵᠡᠭᠡᠶᠢᠷᠡᠨ ᠬᠠᠮ | ᠳᠠᠶᠢᠯᠠᠯᠳᠤᠭᠠᠨ ᠤ ᠠᠵᠢᠯ ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠵᠢᠭᠠᠨ ᠵᠢᠯᠤᠭᠤᠳᠴᠤ᠂ | ᠠᠵᠢᠯ ᠤᠨ ᠠᠬᠢᠴᠠ ᠶᠢ ᠴᠠᠭ ᠲᠤᠬᠠᠢ ᠳᠤᠨᠢ ᠮᠡᠳᠡᠭᠡᠯᠡᠨ᠎ᠡ᠃ | ︵ᠳᠥᠷᠪᠡ︶ ᠠᠶᠤᠯ ᠦᠭᠡᠢ ᠦᠢᠯᠡᠳᠪᠦᠷᠢᠯᠡᠯ ᠢ ᠴᠢᠬᠤᠯᠠᠴᠢᠯᠠᠨ᠎ᠠ᠃ ᠡᠯ᠎ᠡ ᠰᠤᠮᠤ ᠪᠠᠯᠭᠠᠰᠤ ᠶᠢᠨ ᠲᠠᠯᠠᠪᠤᠷ | ᠨᠢ ᠠᠶᠤᠯ ᠦᠭᠡᠢ ᠦᠢᠯᠡᠳᠪᠦᠷᠢᠯᠡᠯ ᠢ ᠢᠮᠠᠭᠲᠠ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮ ᠳᠠᠶᠢᠯᠠᠯᠳᠤᠭᠠᠨ ᠤ ᠪᠥᠬᠦ ᠶᠠᠪᠤᠴᠠ ᠳᠤ ᠲᠤᠤᠱᠯᠠᠭᠤᠯᠵᠤ᠂ | ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠠᠶᠤᠯ ᠦᠭᠡᠢ ᠦᠢᠯᠡᠳᠪᠦᠷᠢᠯᠡᠯ ᠤᠨ ᠦᠵᠡᠯ ᠤᠬᠠᠮᠰᠠᠷ ᠢ | ᠪᠠᠲᠤ ᠪᠠᠬᠢ ᠪᠣᠶ ᠪᠣᠯᠭᠠᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠤᠷ ᠤᠨ ᠬᠠᠮᠢᠶᠠᠷᠤᠯᠲᠠ ᠪᠠ ᠡᠮᠬᠢ ᠳᠢᠭᠯᠢᠮ ᠤᠨ | ᠬᠠᠮᠠᠭᠠᠯᠠᠯᠲᠠ ᠶᠢ ᠴᠢᠩᠭᠠᠳᠬᠠᠨ᠂ ᠠᠶᠤᠯ ᠦᠭᠡᠢ ᠦᠢᠯᠡᠳᠪᠦᠷᠢᠯᠡᠯ ᠤᠨ ᠠᠳᠡᠯ ᠶᠠᠭᠠᠬᠢᠭᠰᠠᠨ ᠴᠤ ᠭᠠᠷᠭᠠᠬᠤ ᠦᠭᠡᠢ᠂ | ᠠᠶᠢᠯ ᠲᠣᠰᠬᠤᠨ ᠤ ᠬᠤᠭᠤᠷᠣᠨᠳᠤ ᠤᠰᠤ ᠵᠠᠯᠠᠬᠤ ᠠᠴᠠ ᠪᠣᠯᠤᠭᠰᠠᠨ ᠣᠯᠠᠨ ᠲᠦᠮᠡᠨ ᠤ ᠴᠢᠨᠠᠷᠲᠠᠢ ᠬᠡᠷᠡᠭ | ᠶᠠᠭᠠᠬᠢᠭᠰᠠᠨ ᠴᠤ ᠭᠠᠷᠭᠠᠬᠤ ᠦᠭᠡᠢ᠃ | | | |