ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠭᠠᠵᠢᠭᠤ ᠨᠣᠮᠯᠠᠯ ᠢ ᠡᠰᠡᠷᠭᠦᠴᠡᠬᠦ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/4/10
    4 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠵᠢᠴᠢ ᠭᠠᠵᠢᠭᠤ ᠨᠣᠮᠯᠠᠯ ᠢ ᠡᠰᠡᠷᠭᠦᠴᠡᠬᠦ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠡᠷᠭᠢᠯᠡᠨ  ᠬᠤᠷᠠᠯᠳᠤᠭᠤᠯᠪᠠ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠪᠥᠬᠦ ᠭᠡᠰᠢᠭᠦᠨ ᠵᠢᠴᠢ ᠠᠮᠤᠷ ᠠᠮᠤᠭᠤᠯᠠᠩ ᠬᠤᠶᠢᠲᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠵᠠᠢ᠃
  1712709462307.png
     ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠭᠠᠵᠢᠭᠤ ᠨᠣᠮᠯᠠᠯ ᠢ ᠡᠰᠡᠷᠭᠦᠴᠡᠬᠦ ᠵᠣᠬᠢᠴᠠᠭᠤᠯᠬᠤ ᠭᠠᠵᠠᠷ ᠤᠨ ᠡᠷᠬᠢᠯᠡᠭᠴᠢ ᠸᠠᠩ ᠰᠥᠩ ᠳ᠋ᠢ ᠶᠢ ᠤᠷᠢᠵᠤ ︽ᠥᠨᠳᠥᠷ ᠵᠣᠭᠰᠣᠴᠠ ᠲᠠᠢ ᠥᠨᠳᠥᠷ ᠪᠠᠷᠢᠮᠵᠢᠶ᠎ᠠ ᠪᠠᠷ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠰᠠᠶᠢᠲᠤᠷ ᠬᠢᠬᠦ︾ ᠲᠤᠰᠬᠠᠢ ᠰᠡᠳᠦᠪ ᠢᠶᠠᠷ ᠲᠠᠶᠢᠯᠤᠮᠵᠢ ᠬᠢᠯᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠳᠣᠬᠠᠨ ᠤ ᠭᠠᠵᠢᠭᠤ ᠨᠣᠮᠯᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠤᠨ ᠬᠦᠨᠳᠦ ᠨᠣᠴᠢᠲᠠᠢ ᠴᠢᠨᠠᠷ ᠪᠣᠯᠣᠨ ᠡᠭᠦᠷᠭᠡ ᠶᠢᠨ ᠪᠡᠷᠬᠡ ᠬᠠᠲᠠᠭᠤᠵᠢᠯᠲᠤ ᠴᠢᠨᠠᠷ ᠢ ᠰᠡᠷᠭᠡᠭ ᠢᠶᠠᠷ ᠲᠠᠨᠢᠵᠤ᠂ ᠰᠢᠨ᠎ᠡ ᠪᠠᠶᠢᠳᠠᠯ ᠳᠣᠣᠷᠠᠬᠢ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠤᠯᠤᠰ ᠣᠷᠣᠨ᠂ ᠨᠡᠶᠢᠭᠡᠮ ᠵᠢᠴᠢ ᠭᠡᠷ ᠪᠦᠯᠢ ᠳᠤ ᠤᠴᠠᠷᠠᠭᠤᠯᠬᠤ ᠬᠤᠣᠷ ᠬᠥᠨᠥᠭᠡᠯ ᠢ ᠭᠦᠨᠵᠡᠭᠡᠢ ᠢᠯᠡᠷᠡᠭᠦᠯᠵᠦ᠂ ᠤᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠭᠠᠵᠢᠭᠤ ᠨᠣᠮᠯᠠᠯ ᠢ ᠤᠬᠠᠮᠰᠠᠷ ᠠᠴᠠ ᠪᠠᠨ ᠢᠯᠭᠠᠨ ᠲᠠᠨᠢᠭᠤᠯᠵᠤ᠂ ᠭᠠᠵᠢᠭᠤ ᠨᠣᠮᠯᠠᠯ ᠠᠴᠠ ᠵᠠᠶᠢᠳᠠᠭᠤᠯᠵᠤ᠂ ᠭᠠᠵᠢᠭᠤ ᠨᠣᠮᠯᠠᠯ ᠤᠨ ᠡᠭᠦᠰᠦᠨ ᠳᠡᠯᠭᠡᠷᠡᠬᠦ ᠶᠢ ᠡᠬᠢ ᠰᠤᠷᠪᠤᠯᠵᠢ ᠠᠴᠠ ᠨᠢ ᠬᠤᠷᠢᠭᠯᠠᠨ ᠵᠣᠭᠰᠤᠭᠠᠬᠤ ᠬᠡᠷᠡᠭᠲᠡᠢ᠃ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠬᠤ ᠪᠠ ᠨᠡᠶᠢᠭᠡᠮ ᠤᠨ ᠬᠠᠮᠵᠢᠯᠴᠠᠨ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ᠂ ᠤᠯᠠᠨ ᠡᠰᠢᠴᠢᠯᠡᠨ ᠬᠠᠮᠲᠤ ᠪᠠᠷ ᠵᠠᠰᠠᠬᠤ ᠰᠠᠶᠢᠨ ᠰᠠᠶᠢᠬᠠᠨ ᠪᠠᠶᠢᠷᠢᠰᠢᠯ ᠢ ᠪᠤᠢ ᠪᠣᠯᠭᠠᠬᠤ ᠶᠢ ᠠᠬᠢᠭᠤᠯᠵᠤ᠂ ᠭᠠᠵᠢᠭᠤ ᠨᠣᠮᠯᠠᠯ ᠪᠠ ᠬᠠᠤᠯᠢ ᠪᠤᠰᠤ ᠱᠠᠰᠢᠨ ᠰᠤᠷᠲᠠᠬᠤᠨ ᠤ ᠵᠠᠰᠠᠯᠲᠠ ᠶᠢ ᠬᠠᠤᠯᠢᠵᠢᠭᠤᠯᠬᠤ᠂ ᠵᠢᠷᠤᠮᠵᠢᠭᠤᠯᠬᠤ᠂ ᠲᠤᠰᠬᠠᠶᠢᠵᠢᠭᠤᠯᠬᠤ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠢᠳᠡᠪᠬᠢᠲᠡᠢ ᠥᠭᠡᠳᠡᠷᠬᠡᠭ ᠡᠷᠡᠭᠦᠯ ᠪᠥᠭᠡᠳ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠡᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号