ᠵᠢᠯ ᠤᠨ ᠡᠬᠢᠨ ᠠᠴᠠ ᠨᠠᠰᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠦᠢᠯᠡᠴᠢᠯᠡᠭᠡ ᠶᠢ ᠬᠢᠨᠠᠨ | ᠵᠥᠪᠰᠢᠶᠡᠷᠡᠬᠦ ᠠᠴᠠ ᠡᠮᠦᠨ᠎ᠡ ᠪᠠᠶᠢᠯᠭᠠᠬᠤ︾ ᠣᠶᠢᠯᠠᠭᠠᠭᠳᠠᠬᠤᠨ ᠢᠶᠠᠷ ᠵᠢᠯᠣᠭᠤᠳᠤᠯᠭ᠎ᠠ ᠪᠣᠯᠭᠠᠵᠤ᠂ ᠠᠵᠤ | ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ ᠠᠵᠢᠯ ᠢᠶᠠᠨ ᠰᠠᠶᠢᠵᠢᠷᠠᠭᠤᠯᠬᠤ ︽ᠨᠢᠭᠡᠳᠦᠭᠡᠷ ᠬᠥᠳᠡᠯᠭᠡᠬᠦ ᠬᠦᠴᠦᠨ︾ | ᠪᠣᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠠᠮᠤᠭ ᠰᠢᠯᠢᠳᠡᠭ ᠨᠡᠷ᠎ᠡ ᠶᠢᠨ ᠬᠠᠭᠤᠳᠠᠰᠤ ᠶᠢ | ᠴᠢᠷᠮᠠᠶᠢᠨ ᠪᠣᠶ ᠪᠣᠯᠭᠠᠵᠤ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ | ᠶᠢ ᠲᠦᠷᠭᠡᠳᠭᠡᠵᠦ ᠪᠠᠶᠢᠨ᠎ᠠ᠃ | ᠥᠪᠥᠷ ᠮᠣᠩᠭᠤᠯ ᠤᠨ ᠰᠢᠨ ᠪᠠᠩ ᠪᠤᠷ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ 6 ᠳ᠋ᠦᠩᠰᠢᠭᠤᠷ | ᠲᠥᠭᠦᠷᠢᠭ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠵᠢᠯ ᠳᠤ 10 ᠲᠦᠮᠡᠨ ᠲᠣᠨ ᠲᠠᠯᠠᠰᠲᠤ ᠪᠤᠰᠤ | ᠮᠠᠲ᠋ᠧᠷᠢᠶᠠᠯ ᠦᠢᠯᠡᠳᠪᠦᠷᠢᠯᠡᠬᠦ ᠲᠥᠷᠥᠯ ᠵᠦᠢᠯ ᠪᠣᠯ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠨᠢᠭᠡ ᠪᠣᠯᠣᠨ᠎ᠠ᠂ ᠲᠣᠰ ᠲᠥᠷᠥᠯ ᠵᠦᠢᠯ ᠢ | 2023 ᠣᠨ ᠤ 4 ᠰᠠᠷ᠎ᠠ ᠳᠤ ᠡᠬᠢᠯᠡᠨ ᠪᠦᠲᠦᠭᠡᠨ ᠪᠠᠶᠢᠭᠤᠯᠵᠤ᠂ ᠡᠨᠡ ᠵᠢᠯ ᠤᠨ 4 ᠰᠠᠷ᠎ᠠ ᠳᠤ ᠠᠰᠢᠭᠯᠠᠯᠲᠠ ᠳᠤ | ᠣᠷᠣᠭᠤᠯᠪᠠ᠂ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠲᠦᠷᠭᠡᠨ᠂ ᠠᠬᠢᠴᠠ ᠤᠷᠤᠭᠰᠢᠲᠠᠢ ᠪᠠᠶᠢᠬᠤ ᠨᠢ | ᠲᠥᠷᠥᠯ ᠵᠦᠢᠯ ᠤᠨ ᠶᠡᠷᠦᠩᠬᠡᠢ ᠬᠢᠨᠠᠭᠴᠢ ᠯᠢᠦᠢ ᠴᠢᠦ ᠱᠧᠩ ᠢ ᠶᠡᠬᠡᠳᠡ ᠪᠠᠶᠠᠷᠯᠠᠭᠤᠯᠪᠠ᠃ | | | ᠥᠪᠥᠷ ᠮᠣᠩᠭᠤᠯ ᠤᠨ ᠰᠢᠨ ᠪᠠᠩ ᠪᠤᠷ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠬᠢᠨᠠᠭᠴᠢ ᠯᠢᠦᠢ | ᠴᠢᠦ ᠱᠧᠩ ᠬᠡᠯᠡᠬᠦ ᠳᠡᠭᠡᠨ᠂ ᠥᠩᠭᠡᠷᠡᠭᠰᠡᠨ ᠳᠤ ᠭᠤᠷᠪᠠᠨ ᠦᠨᠡᠮᠯᠡᠯ ᠤᠨ ᠭᠠᠷ ᠭᠦᠢᠴᠡᠳᠬᠡᠯ ᠬᠢᠬᠦ ᠳᠤ ᠨᠠᠭᠠᠲᠤ | ᠵᠠᠬ᠎ᠠ ᠳᠠᠭᠠᠨ ᠬᠠᠭᠠᠰ ᠵᠢᠯ ᠤᠨ ᠬᠤᠭᠤᠴᠠᠭ᠎ᠠ ᠬᠡᠷᠡᠭᠰᠡᠨ᠎ᠡ᠂ ᠭᠡᠳᠡᠯ᠎ᠡ ᠬᠠᠷᠢᠨ 40 ᠡᠳᠦᠷ ᠳᠣᠲᠣᠷ᠎ᠠ ᠪᠢᠳᠡᠨ ᠳᠤ | ᠭᠠᠷ ᠭᠦᠢᠴᠡᠳᠬᠡᠯ ᠬᠢᠵᠦ ᠥᠭᠭᠦᠭᠰᠡᠨ ᠪᠠᠶᠢᠨ᠎ᠠ᠂ ᠡᠨᠡ ᠨᠢ ᠬᠤᠶᠢᠲᠤ ᠬᠤᠰᠢᠭᠤᠨ ᠤ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠥᠨᠳᠥᠷ ᠦᠷ᠎ᠡ ᠪᠦᠲᠦᠮᠵᠢ ᠲᠠᠢ ᠪᠠᠶᠢᠬᠤ ᠶᠢ ᠬᠠᠷᠠᠭᠤᠯᠵᠤ᠂ ᠪᠢᠳᠡᠨ ᠤ ᠦᠷᠭᠦᠯᠵᠢᠯᠡᠨ ᠪᠡᠯᠡ | ᠣᠷᠣᠭᠤᠯᠬᠤ ᠢᠲᠡᠭᠡᠯ ᠢ ᠨᠡᠮᠡᠭᠳᠡᠭᠦᠯᠦᠭᠰᠡᠨ ᠪᠠᠶᠢᠨ᠎ᠠ ᠭᠡᠵᠡᠢ᠃ | | ᠪᠡᠭᠡᠵᠢᠩ ᠤᠨ ᠴᠣᠣᠶᠠᠩ ᠲᠣᠭᠤᠷᠢᠭ — ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠡᠭᠦᠨ ᠪᠠᠷᠠᠭᠤᠨ | ᠬᠡᠰᠡᠭ ᠤᠨ ᠬᠠᠮᠵᠢᠯᠴᠠᠭᠠᠨ ᠤ ᠠᠯᠠᠰᠢᠨ ᠦᠬᠡᠷ ᠤᠨ ᠠᠵᠤ ᠦᠢᠯᠡᠰ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ | ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ | ᠮᠠᠰᠢᠨ ᠮᠧᠬᠠᠨᠢᠭ ᠲᠦᠷᠴᠢᠭᠢᠨᠡᠵᠦ᠂ ᠠᠵᠢᠯᠴᠢᠳ ᠶᠠᠭ ᠦᠢᠯᠡᠳᠪᠦᠷᠢ ᠶᠢᠨ ᠪᠠᠶᠢᠰᠢᠩ ᠢ ᠤᠭᠰᠠᠷᠠᠬᠤ ᠠᠵᠢᠯ ᠬᠢᠵᠦ | ᠶᠠᠭᠠᠷᠠᠯᠳᠤᠨ᠎ᠠ᠃ ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠪᠦᠬᠦᠨ ᠢᠶᠠᠷ ᠢᠶᠠᠨ ᠠᠰᠢᠭᠯᠠᠯᠳᠠ ᠳᠤ | ᠤᠷᠤᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠢ 1 ᠳ᠋ᠦᠩᠰᠢᠭᠤᠷ ᠲᠥᠭᠦᠷᠢᠭ ᠪᠡᠶᠡᠯᠡᠭᠦᠯᠵᠦ᠂ | 1000 ᠲᠦᠮᠡᠨ ᠲᠥᠭᠦᠷᠢᠭ ᠤᠨ ᠭᠠᠶᠢᠯᠢ ᠶᠢᠨ ᠮᠥᠩᠭᠦ ᠶᠢ ᠪᠡᠶᠡᠯᠡᠭᠦᠯᠵᠦ᠂ 150 ᠬᠥᠮᠥᠨ ᠳᠤ ᠠᠵᠢᠯ ᠤᠨ ᠪᠠᠶᠢᠷᠢ | ᠬᠠᠩᠭᠠᠬᠤ ᠪᠣᠯᠣᠨ᠎ᠠ᠃ | | | ᠥᠪᠥᠷ ᠮᠣᠩᠭᠤᠯ ᠤᠨ ᠮᠠᠯᠴᠢᠨ ᠠᠵᠤ ᠦᠢᠯᠡᠳᠪᠦᠷᠢ ᠶᠢᠨ ᠦᠢᠯᠡᠳᠬᠡᠯ ᠤᠨ ᠢᠳᠡᠭᠡᠨ ᠤ ᠰᠢᠨᠵᠢᠯᠡᠬᠦ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠧᠦ ᠾᠧᠦ ᠢ ᠬᠡᠯᠡᠬᠦ ᠳᠡᠭᠡᠨ᠂ ︽ᠥᠩᠭᠡᠷᠡᠭᠰᠡᠨ ᠳᠤ ᠲᠦᠷᠦᠯ ᠵᠦᠢᠯ ᠤᠨ | ᠭᠠᠷ ᠭᠦᠢᠴᠡᠳᠬᠡᠯ ᠢ ᠴᠥᠮ ᠮᠠᠨ ᠤ ᠠᠵᠤ ᠠᠬᠤᠶᠢᠯᠠᠯ ᠥᠪᠡᠷ ᠢᠶᠠᠨ ᠬᠢᠵᠦ᠂ ᠴᠠᠭ ᠨᠢ ᠤᠷᠳᠤ ᠪᠦᠭᠡᠳ ᠦᠶᠡᠯᠡᠯ | ᠨᠢ ᠤᠳᠠᠭᠠᠨ ᠪᠠᠶᠢᠪᠠ᠂ ᠤᠳᠤ ᠬᠤᠳᠠᠯᠳᠤᠭ᠎ᠠ ᠡᠵᠩᠨᠡᠬᠦ ᠣᠷᠴᠢᠨ ᠨᠦᠬᠦᠴᠡᠯ ᠢ ᠰᠠᠶᠢᠵᠢᠷᠠᠭᠤᠯᠬᠤ ᠡᠯ᠎ᠡ ᠵᠦᠢᠯ ᠤᠨ | ᠠᠷᠭ᠎ᠠ ᠬᠡᠮᠵᠢᠶ᠎ᠡ ᠪᠠᠷ ᠳᠠᠮᠵᠢᠵᠤ᠂ ᠪᠤᠢ ᠪᠦᠬᠦᠢ ᠭᠠᠷ ᠭᠦᠢᠴᠡᠳᠬᠡᠯ ᠵᠢᠴᠢ ᠲᠤᠯᠭᠠᠷᠠᠭᠰᠠᠨ ᠠᠰᠠᠭᠤᠳᠠᠯ ᠢ ᠴᠥᠮ | ᠲᠦᠷᠦᠯ ᠵᠦᠢᠯ ᠤᠨ ᠬᠠᠮᠢᠶᠠᠷᠤᠭᠴᠢ ᠠᠴᠠ ᠣᠷᠣᠯᠠᠨ ᠭᠦᠢᠴᠡᠳᠬᠡᠬᠦ ᠪᠠ ᠦᠢᠯᠡᠴᠢᠯᠡᠵᠦ᠂ ᠪᠢᠳᠡᠨ ᠤ ᠨᠠᠰᠢ ᠴᠠᠰᠢ | ᠭᠦᠶᠦᠬᠦ ᠴᠠᠭ ᠢ ᠶᠡᠭᠡ ᠪᠠᠷ ᠪᠠᠭᠠᠰᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠪᠡ᠂ ᠡᠨᠡ ᠨᠢ ᠪᠢᠳᠡᠨ ᠢ ᠮᠠᠰᠢ ᠰᠠᠨᠠᠭ᠎ᠠ ᠠᠮᠤᠷ ᠪᠣᠯᠭᠠᠵᠠᠢ ︾ ᠭᠡᠪᠡ᠃ | ᠣᠶᠢᠷ᠎ᠠ ᠶᠢᠨ ᠵᠢᠯ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠨᠢᠭᠡ ᠲᠥᠷᠥᠯ ᠵᠦᠢᠯ ᠳᠤ ᠨᠢᠭᠡ | ᠨᠠᠷᠢᠨ ᠳᠠᠩᠰᠠ ᠪᠠᠶᠢᠭᠤᠯᠬᠤ︾ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠬᠦ ᠪᠠᠷ ᠳᠠᠮᠵᠢᠭᠤᠯᠤᠨ᠂ ︽ᠪᠥᠬᠦ | ᠶᠠᠪᠤᠴᠠ ᠪᠠᠷ᠂ ᠨᠢᠭᠡᠳ ᠨᠢᠭᠡ ᠪᠠᠷ᠂ ᠥᠪᠡᠷᠮᠢᠴᠡᠵᠢᠭᠦᠯᠬᠦ︾ ᠲᠣᠭᠲᠠᠮᠠᠯ ᠦᠢᠯᠡᠴᠢᠯᠡᠭᠡ ᠬᠠᠩᠭᠠᠵᠤ᠂ ︽ᠨᠢᠭᠡ ᠯᠡ | ᠤᠳᠠᠭ᠎ᠠ ᠬᠡᠯᠡᠵᠦ ᠤᠶᠢᠯᠠᠭᠠᠭᠤᠯᠬᠤ᠂ ᠠᠮᠠᠯᠳᠠᠭᠰᠠᠨ ᠶᠤᠰᠤᠭᠠᠷ ᠭᠦᠢᠴᠡᠳᠬᠡᠬᠦ᠂ ᠪᠥᠬᠦ ᠶᠠᠪᠤᠴᠠ ᠶᠢ ᠬᠢᠨᠠᠨ | ᠬᠠᠮᠢᠶᠠᠷᠬᠤ︾ ᠪᠥᠬᠦ ᠬᠡᠯᠬᠢᠶ᠎ᠡ ᠶᠢᠨ ᠠᠮᠠᠯᠳᠠᠨ ᠭᠦᠢᠴᠡᠳᠭᠡᠬᠦ ᠳᠦᠷᠢᠮ ᠪᠠᠶᠢᠭᠤᠯᠵᠤ᠂ ︽ᠠᠭᠤᠯᠵᠠᠬᠤ ᠦᠭᠡᠢ᠂ | ᠳᠤᠲᠠᠭᠤ ᠭᠦᠶᠦᠯᠭᠡᠬᠦ᠂ ᠠᠮᠠᠯᠳᠠᠨ ᠭᠦᠢᠴᠡᠳᠬᠡᠬᠦ︾ ᠦᠢᠯᠡᠴᠢᠯᠡᠭᠡᠨ ᠤ ᠰᠢᠨ᠎ᠡ ᠬᠡᠪ ᠪᠠᠶᠢᠳᠠᠯ ᠢ ᠪᠤᠢ ᠪᠣᠯᠭᠠᠵᠤ᠂ | ᠬᠠᠮᠤᠭ ᠤᠨ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠢᠶᠠᠷ ᠲᠣᠮᠣ ᠲᠥᠷᠥᠯ ᠵᠦᠢᠯ ᠪᠠ ᠰᠠᠶᠢᠨ ᠲᠥᠷᠥᠯ | ᠵᠦᠢᠯ ᠢ ᠲᠦᠷᠭᠡᠨ᠂ ᠣᠨᠣᠪᠴᠢᠲᠠᠶ᠂ ᠯᠠᠪᠳᠠᠭᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠥᠨᠳᠥᠷ ᠦᠷ᠎ᠡ | ᠪᠦᠲᠦᠮᠵᠢᠲᠡᠶ ᠪᠦᠲᠦᠭᠡᠨ ᠪᠠᠶᠢᠭᠤᠯᠵᠤ᠂ ᠠᠯᠢ ᠲᠦᠷᠭᠡᠨ ᠦᠷ᠎ᠡ ᠠᠰᠢᠭ ᠭᠠᠷᠭᠠᠯᠭᠠᠬᠤ ᠪᠠᠷ ᠴᠢᠷᠮᠠᠶᠢᠵᠤ ᠪᠠᠶᠢᠨ᠎ᠠ᠃ | |