ᠬᠤᠷᠴᠢᠨ ᠠᠷᠠᠳ ᠤᠨ ᠵᠠᠩ ᠦᠢᠯᠡ ᠲᠡᠦᠬᠡ ᠰᠣᠶᠣᠯ ᠤᠨ ᠬᠦᠷᠢᠶᠡᠯᠡᠩ 2024ᠣᠨ ᠤ 4 ᠰᠠᠷ᠎ᠠ ᠶᠢᠨ 10 ᠤ ᠡᠳᠦᠷ ᠠᠴᠠ ᠡᠬᠢᠯᠡᠨ ᠲᠤᠷᠰᠢᠨ ᠡᠵᠡᠩᠨᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2024/4/11
ᠬᠤᠷᠴᠢᠨ ᠠᠷᠠᠳ ᠤᠨ ᠵᠠᠩ ᠦᠢᠯᠡ ᠲᠡᠦᠬᠡ ᠰᠣᠶᠣᠯ ᠤᠨ ᠬᠦᠷᠢᠶᠡᠯᠡᠩ ᠤᠨ ᠦᠵᠡᠮᠵᠢ ᠶᠢᠨ ᠣᠷᠣᠨ 2024ᠣᠨ ᠤ 4 ᠰᠠᠷ᠎ᠠ ᠶᠢᠨ 10 ᠤ ᠡᠳᠦᠷ ᠠᠴᠠ ᠡᠬᠢᠯᠡᠨ ᠲᠤᠷᠰᠢᠨ ᠡᠵᠡᠩᠨᠡᠬᠦ ᠪᠠᠷ ᠪᠠᠶᠢᠨ᠎ᠠ   ᠲᠤᠷᠰᠢᠨ ᠡᠵᠡᠩᠨᠡᠬᠦ ᠬᠤᠭᠤᠴᠠᠭ᠎ᠠ ︵4 ᠰᠠᠷ᠎ᠠ ᠶᠢᠨ 10 ᠤ ᠡᠳᠦᠷ ︱ 4 ᠰᠠᠷ᠎ᠠ ᠶᠢᠨ 30 ᠤ ᠡᠳᠦᠷ︶    ᠪᠦᠬᠦ ᠬᠥᠮᠥᠨ ᠲᠥᠯᠥᠪᠦᠷᠢ ᠦᠭᠡᠢ ᠪᠠᠷ ᠴᠡᠴᠡᠷᠯᠢᠭ ᠲᠤ ᠤᠷᠤᠵᠤ ᠪᠤᠯᠤᠨ᠎ᠠ ᠰᠢᠸ︕    ᠮᠡᠳᠡᠬᠦ ᠬᠦᠮᠦᠨ ᠴᠦᠬᠡᠨ᠂ ᠤᠴᠢᠬᠤ ᠬᠥᠮᠥᠨ ᠪᠠᠭ᠎ᠠ ᠦᠶᠡᠰ ᠲᠤᠨᠢ ᠠᠮᠵᠢᠨ ᠬᠦᠷᠦᠭᠡᠷᠡᠢ︕    ᠨᠠᠶᠢᠵᠠ ᠨᠦᠬᠦᠳ ᠲᠠᠢ ᠪᠠᠨ ᠪᠣᠯᠵᠣᠵᠤ ᠲᠣᠭᠤᠷᠢᠬᠤ ᠪᠠᠷ ᠶᠠᠪᠤᠵᠠᠭᠠᠶ᠎ᠠ︕
  僧格林沁王府开园啦!.jpg
    ᠬᠤᠷᠴᠢᠨ ᠤ ᠠᠷᠠᠳ ᠤᠨ ᠵᠠᠩ ᠦᠶᠯᠡ ᠲᠡᠦᠬᠡ ᠰᠣᠶᠣᠯ ᠤᠨ ᠬᠦᠷᠢᠶᠡᠯᠡᠩ ᠨᠢ ᠬᠤᠷᠴᠢᠨ ᠤ ᠵᠡᠭᠦᠨ ᠭᠠᠷᠤᠨ ᠬᠤᠶᠢᠲᠤ ᠬᠤᠰᠢᠭᠤᠨ ᠤ ᠵᠢᠷᠭᠠᠯᠠᠩ ᠪᠠᠯᠭᠠᠰᠤᠨ ᠳᠤ ᠪᠠᠶᠢᠷᠢᠯᠠᠵᠤ᠂ ᠵᠢᠷᠭᠤᠳᠤᠭᠠᠷ ᠪᠦᠯᠦᠭ ᠤᠨ ᠪᠥᠬᠦ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠪᠣᠯᠬᠤ ︽ᠰᠸᠡᠭᠷᠢᠨᠴᠢᠨ ᠸᠠᠩ ᠤᠨ ᠣᠷᠳᠣᠨ︾ ᠳᠤ ᠲᠦᠰᠢᠭᠯᠡᠨ ᠪᠦᠲᠦᠭᠡᠨ ᠪᠠᠶᠢᠭᠤᠯᠵᠤ ᠪᠦᠲᠦᠭᠡᠭᠰᠡᠨ ᠶᠤᠮ᠃ ᠬᠦᠷᠢᠶᠡᠯᠡᠩ ᠲᠣᠭᠤᠷᠢᠭ ᠤᠨ ᠲᠠᠯᠠᠪᠠᠶ ᠨᠢ 101358 ᠮᠤ᠋᠂ ᠪᠠᠷᠢᠯᠭ᠎ᠠ  ᠶᠢᠨ ᠲᠠᠯᠠᠪᠠᠶ ᠨᠢ 11788 ᠮᠤ᠋᠂ 85 ᠰᠠᠭᠤᠷᠢ ᠬᠠᠷᠰᠢ ᠲᠠᠢ ᠨᠡᠶᠢᠲᠡ 375 ᠲᠠᠰᠤᠯᠭ᠎ᠠ᠂ ᠬᠦᠷᠢᠶᠡᠯᠡᠩ ᠲᠣᠭᠤᠷᠢᠭ ᠤᠨ ᠪᠦᠬᠦ᠋ᠢᠯᠡ ᠪᠠᠷᠢᠯᠭ᠎ᠠ ᠶᠢᠨ ᠬᠡᠪ ᠨᠠᠮᠪᠠ ᠨᠢ ᠥᠨᠳᠥᠷ ᠰᠦᠷᠯᠢᠭ᠂ ᠰᠡᠶᠢᠯᠦᠮᠡᠯ ᠨᠢᠷᠤᠭᠤ ᠵᠢᠷᠤᠭ ᠲᠠᠢ᠂ ᠴᠢᠩ ᠤᠯᠤᠰ ᠤᠨ ᠦᠶ᠎ᠡ ᠶᠢᠨ ᠨᠡᠶᠢᠲᠡᠯᠢᠭ ᠪᠠᠷᠢᠯᠭ᠎ᠠ ᠶᠤᠮ᠃       ᠬᠦᠷᠢᠶᠡᠯᠡᠩ ᠲᠣᠭᠤᠷᠢᠭ ᠲᠤ ᠨᠡᠶᠢᠲᠡ ᠭᠤᠷᠪᠠᠨ ᠵᠤᠷᠪᠤᠰ ᠵᠢᠭᠤᠯᠴᠢᠯᠠᠯ ᠤᠨ ᠵᠠᠮ ᠱᠤᠭᠤᠮ ᠲᠠᠢ᠂ ᠲᠣᠰ ᠲᠣᠰ ᠳᠤᠮᠳᠠ ᠵᠠᠮ — ᠬᠤᠷᠴᠢᠨ ᠤ ᠲᠡᠦᠬᠡ ᠰᠣᠶᠣᠯ ᠤᠨ ᠦᠵᠡᠭᠦᠯᠦᠯᠭᠡ ᠶᠢᠨ ᠲᠣᠭᠤᠷᠢᠭ ᠪᠣᠯᠣᠨ᠎ᠠ᠂ ᠡᠭᠦᠨ ᠳᠤ ᠴᠢᠩ ᠤᠯᠤᠰ ᠤᠨ ᠦᠶ᠎ᠡ ᠶᠢᠨ ᠨᠣᠶᠠᠳ ᠤᠨ ᠵᠠᠰᠠᠭ ᠤᠨ ᠶᠠᠪᠤᠳᠠᠯ ᠢ ᠡᠷᠭᠢᠯᠡᠵᠦ ᠪᠠᠶᠢᠭ᠎ᠠ ᠠᠬᠤᠢ ᠪᠠᠶᠢᠳᠠᠯ ᠢ ᠰᠡᠷᠭᠦᠭᠡᠬᠦ ᠦᠵᠡᠭᠦᠯᠦᠯᠭᠡ ᠶᠢᠨ ᠲᠣᠭᠤᠷᠢᠭ᠂ ᠰᠸᠡᠭᠷᠢᠨᠴᠢᠨ ᠤ ᠲᠤᠰᠬᠠᠢ ᠰᠡᠳᠦᠪᠲᠦ ᠦᠵᠡᠭᠦᠯᠦᠯᠭᠡ ᠶᠢᠨ ᠲᠣᠭᠤᠷᠢᠭ᠂ ᠸᠠᠩ ᠤᠨ ᠣᠷᠳᠣᠨ ᠤ ᠪᠠᠷᠢᠯᠭ᠎ᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠬᠤ ᠦᠵᠡᠭᠦᠯᠦᠯᠭᠡ ᠶᠢᠨ ᠲᠣᠭᠤᠷᠢᠭ ᠪᠠᠭᠲᠠᠨ᠎ᠠ︔ ᠵᠡᠭᠦᠨ ᠵᠠᠮ — ᠸᠠᠩ ᠤᠨ ᠣᠷᠳᠣᠨ ᠢ ᠰᠡᠷᠭᠦᠭᠡᠨ ᠳᠡᠯᠭᠡᠨ ᠦᠵᠡᠭᠦᠯᠬᠦ ᠲᠣᠭᠤᠷᠢᠭ ᠲᠤ ᠴᠢᠩ ᠤᠯᠤᠰ ᠤᠨ ᠦᠶ᠎ᠡ ᠶᠢᠨ ᠨᠣᠶᠠᠳ ᠤᠨ ᠠᠮᠢᠳᠤᠷᠠᠯ ᠢ ᠳᠡᠯᠭᠡᠨ ᠦᠵᠡᠭᠦᠯᠬᠦ ᠲᠣᠭᠤᠷᠢᠭ᠂ ᠸᠠᠩ ᠤᠨ ᠣᠷᠳᠣᠨ ᠤ ᠮᠣᠷᠢᠨ ᠬᠠᠰᠢᠶ᠎ᠠ ᠪᠠᠭᠲᠠᠨ᠎ᠠ᠃ ᠪᠠᠷᠠᠭᠤᠨ ᠵᠠᠮ — ᠬᠤᠷᠴᠢᠨ ᠠᠷᠠᠳ ᠤᠨ ᠵᠠᠩ ᠦᠶᠯᠡ ᠲᠡᠦᠬᠡ ᠰᠣᠶᠣᠯ ᠤᠨ ᠦᠵᠡᠭᠦᠯᠦᠯᠭᠡ ᠶᠢᠨ ᠲᠣᠭᠤᠷᠢᠭ ᠲᠤ ᠮᠣᠩᠭᠤᠯ ᠠᠳᠤᠭᠤᠨ ᠰᠣᠶᠣᠯ ᠤᠨ ᠲᠤᠰᠬᠠᠢ ᠰᠡᠳᠦᠪᠲᠦ ᠦᠵᠡᠭᠦᠯᠦᠯᠭᠡ᠂ ᠬᠤᠷᠴᠢᠨ ᠠᠷᠠᠳ ᠤᠨ ᠵᠠᠩ ᠦᠶᠯᠡ ᠲᠡᠦᠬᠡ ᠰᠣᠶᠣᠯ ᠤᠨ ᠦᠵᠡᠭᠦᠯᠦᠯᠭᠡ ᠶᠢᠨ ᠲᠣᠭᠤᠷᠢᠭ ᠪᠠᠭᠲᠠᠨ᠎ᠠ᠃     ᠬᠦᠷᠢᠶᠡᠯᠡᠩ ᠲᠣᠭᠤᠷᠢᠭ ᠳᠣᠲᠣᠷᠠᠬᠢ ︽ᠴᠥᠩ ᠱᠧᠩ ᠳ᠋ᠢᠶᠠᠨ ᠬᠠᠷᠰᠢ︾ ᠪᠣᠯ ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠭᠠᠵᠠᠷ ᠤᠨ ᠬᠠᠭᠤᠴᠢ ᠰᠤᠳᠤᠯᠤᠯ ᠤᠨ ᠬᠠᠭᠤᠴᠢᠨ ᠪᠠᠭᠤᠷᠢ ᠪᠣᠯᠣᠨ᠎ᠠ᠃ ᠲᠤᠬᠠᠢ  ᠶᠢᠨ ᠦᠶ᠎ᠡ ᠳᠤ ᠸᠠᠩ ᠤᠨ ᠣᠷᠳᠣᠨ ᠤ ᠳᠣᠲᠣᠷ᠎ᠠ ᠠᠴᠠ ᠮᠠᠯᠲᠠᠵᠤ ᠭᠠᠷᠭᠠᠭᠰᠠᠨ ᠬᠥᠬᠡ ᠲᠣᠭᠤᠰᠬ᠎ᠠ᠂ ᠴᠢᠯᠠᠭᠤ᠂ ᠲᠤᠯᠭᠠᠭᠤᠷᠢ᠂ ᠨᠢᠷᠤᠭᠤ᠂ ᠤᠨᠢ ᠵᠡᠷᠭᠡ ᠪᠠᠷᠢᠯᠭ᠎ᠠ ᠶᠢᠨ ᠲᠣᠨᠣᠭᠯᠠᠭᠠᠰᠤ ᠵᠢᠴᠢ ᠸᠠᠩ ᠤᠨ ᠣᠷᠳᠣᠨ ᠠᠴᠠ ᠦᠯᠡᠳᠡᠭᠳᠡᠵᠦ ᠢᠷᠡᠭᠰᠡᠨ ᠬᠡᠰᠡᠭ ᠴᠢᠯᠠᠭᠤᠨ ᠱᠤᠭᠤᠮᠠᠯ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠢ ᠬᠠᠷᠰᠢ ᠶᠢᠨ ᠣᠷᠳᠣᠨ ᠳᠤ ᠳᠡᠯᠭᠡᠨ ᠦᠵᠡᠭᠦᠯᠵᠦ ᠪᠠᠶᠢᠪᠠ᠃ ᠦᠵᠡᠮᠵᠢ ᠶᠢᠨ ᠣᠷᠣᠨ ᠤ ᠳᠣᠲᠣᠷ᠎ᠠ ᠪᠠᠰᠠ ᠴᠢᠩ ᠤᠯᠤᠰ ᠤᠨ ᠦᠶ᠎ᠡ ᠶᠢᠨ ᠲᠥᠷᠥ ᠬᠡᠷᠡᠯᠳᠦ᠂ ᠲᠦᠭᠡᠮᠡᠯ ᠡᠯᠪᠡᠭᠲᠦ᠂ ᠪᠦᠷᠢᠨᠲᠦ ᠵᠠᠰᠠᠭᠴᠢ ᠬᠠᠭᠠᠨ ᠤ ᠱᠠᠩᠨᠠᠭᠰᠠᠨ ᠪᠣᠷᠣ ᠴᠤᠯᠪᠤᠭᠤᠷ᠂ ᠰᠢᠷ᠎ᠠ ᠬᠦᠷᠮ᠎ᠡ᠂ ᠵᠧᠩ ᠯᠦᠩ ᠨᠥᠬᠦᠪᠦᠷᠢ ᠬᠤᠪᠴᠠᠰᠤ᠂ ᠬᠠᠭᠠᠨ ᠤ ᠬᠡᠷᠡᠭᠯᠡᠬᠦ ᠪᠤᠯᠠᠭᠠᠨ ᠮᠠᠯᠠᠭᠠᠢ᠂ ᠮᠠᠩᠨᠤᠭ ᠳᠡᠪᠡᠯ ᠵᠡᠷᠭᠡ ᠶᠢ ᠪᠠᠭᠲᠠᠭᠠᠭᠰᠠᠨ ᠦᠯᠡᠮᠵᠢ ᠣᠯᠠᠨ ᠡᠳ᠋ ᠪᠠᠷᠠᠭ᠎ᠠ  ᠶᠢ ᠳᠡᠯᠭᠡᠨ ᠦᠵᠡᠭᠦᠯᠵᠡᠢ᠃ ᠡᠭᠦᠨ ᠠᠴᠠ ᠭᠠᠳᠠᠨ᠎ᠠ ᠪᠠᠰᠠ ᠡᠯᠰᠡᠵᠦ ᠴᠤᠭᠯᠠᠭᠤᠯᠤᠭᠰᠠᠨ ᠠᠳᠠᠯᠢ ᠪᠤᠰᠤ ᠣᠨ ᠵᠢᠯ ᠤᠳ ᠤᠨ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯ ᠨᠢᠭᠡ ᠲᠠᠩᠬᠢᠮ ᠳᠤ ᠴᠤᠭᠯᠠᠷᠠᠭᠰᠠᠨ ︽ᠸᠧᠨ ᠪᠦᠦ ᠳ᠋ᠢᠶᠠᠨ ᠬᠠᠷᠰᠢ︾ ᠳᠣᠲᠣᠷ᠎ᠠ ᠨᠢ ᠶᠤᠸᠠᠨ ᠤᠯᠤᠰ ᠤᠨ ᠦᠶ᠎ᠡ ᠶᠢᠨ ᠾᠧ ᠳ᠋ᠦᠩ ᠵᠠᠮ ᠤᠨ ᠴᠡᠷᠢᠭ ᠤᠨ ᠠᠭᠲᠠ ᠶᠢᠨ ᠡᠯᠴᠢ ᠶᠢᠨ ᠭᠠᠤᠯᠢᠨ ᠪᠠᠷᠢᠭᠤᠯᠲᠤ ᠬᠠᠪᠲᠠᠰᠤ᠂ ᠴᠢᠩ ᠤᠯᠤᠰ ᠤᠨ ᠦᠶ᠎ᠡ ᠶᠢᠨ ᠠᠯᠳᠠ ᠪᠠᠷ ᠦᠩᠭᠡᠯᠡᠭᠰᠡᠨ ᠲᠦᠷᠦ  ᠶᠢᠨ ᠬᠠᠰ᠂ ᠴᠢᠩ ᠤᠯᠤᠰ ᠤᠨ ᠦᠶ᠎ᠡ ᠶᠢᠨ ᠵᠢᠩ ᠲᠠᠢ ᠯᠠᠨ ᠯᠤᠤ ᠶᠢᠨ ᠪᠠᠷᠢᠭᠤᠯᠲᠤ ᠬᠤᠪᠢᠩ᠂ ᠯᠢᠶᠣᠤ ᠤᠯᠤᠰ ᠤᠨ ᠦᠶ᠎ᠡ ᠶᠢᠨ ᠸᠠᠭᠠᠷ ᠤᠨ ᠡᠳ᠋ᠯᠡᠯ᠂ ᠯᠢᠶᠣᠤ ᠤᠯᠤᠰ ᠤᠨ ᠦᠶ᠎ᠡ ᠶᠢᠨ ᠴᠠᠭᠠᠨ ᠰᠢᠯ ᠪᠤᠳᠤᠭ ᠤᠨ ᠡᠳ᠋ᠯᠡᠯ ᠵᠡᠷᠭᠡ ᠰᠣᠳᠣᠨ ᠲᠡᠦᠬᠡ ᠶᠢᠨ ᠳᠤᠷᠠᠰᠬᠠᠯᠲᠤ ᠵᠦᠢᠯ ᠢ ᠳᠡᠯᠭᠡᠨ ᠦᠵᠡᠭᠦᠯᠵᠦ ᠪᠤᠶ᠃    ᠨᠢᠭᠡ᠂ ᠡᠭᠦᠳᠡᠨ ᠪᠢᠯᠧᠲ ᠤᠨ ᠦᠨ᠎ᠡ ᠵᠢᠴᠢ ᠨᠡᠭᠡᠭᠡᠬᠦ ᠴᠠᠭ   ᠡᠭᠦᠳᠡᠨ ᠪᠢᠯᠧᠲ ᠤᠨ ᠦᠨ᠎ᠡ᠄ ᠨᠠᠰᠤᠨ ᠳᠤ ᠭᠦᠷᠦᠭᠰᠡᠳ 30 ᠲᠥᠭᠦᠷᠢᠭ\ ᠬᠥᠮᠥᠨ ︵4 ᠰᠠᠷ᠎ᠠ ᠶᠢᠨ 10 ᠤ ᠡᠳᠦᠷ ᠠᠴᠠ 4 ᠰᠠᠷ᠎ᠠ ᠶᠢᠨ 30 ᠤ ᠡᠳᠦᠷ ᠪᠣᠯᠲᠠᠯ᠎ᠠ ᠰᠦᠢᠳᠬᠡᠯ ᠬᠤᠷᠢᠶᠠᠬᠤ ᠦᠭᠡᠢ ᠪᠠᠷ ᠴᠡᠴᠡᠷᠯᠢᠭ ᠲᠤ ᠣᠷᠣᠵᠤ ᠂ 5 ᠰᠠᠷ᠎ᠠ ᠶᠢᠨ 1 ᠤ ᠡᠳᠦᠷ ᠠᠴᠠ ᠡᠬᠢᠯᠡᠵᠦ ᠤᠤᠯ ᠤᠨ ᠦᠨ᠎ᠡ ᠶᠢ ᠨᠢ ᠰᠡᠷᠭᠦᠭᠡᠨ᠎ᠡ︶᠃    ᠨᠡᠭᠡᠭᠡᠬᠦ ᠴᠠᠭ᠄ ᠭᠠᠷᠠᠭ ᠤᠨ ᠨᠢᠭᠡᠨ ᠳᠤ ᠡᠭᠦᠳᠡ ᠪᠠᠨ ᠬᠠᠭᠠᠵᠤ᠂ ᠭᠠᠷᠠᠭ ᠤᠨ ᠬᠤᠶᠠᠷ ᠠᠴᠠ ᠭᠠᠷᠠᠭ ᠤᠨ ᠡᠳᠦᠷ᠄ 9᠄ 00 ︱ 17᠄ 00 ᠴᠠᠭ ᠲᠤ ᠨᠡᠭᠡᠭᠡᠨ᠎ᠡ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号