ᠣᠶᠢᠷ᠎ᠠ ᠶᠢᠨ ᠡᠳᠦᠷ ᠤᠳ ᠲᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠬᠠᠪᠤᠷ ᠤᠨ ᠤᠯᠠᠷᠢᠯ ᠤᠨ | ᠰᠢᠵᠢᠷ ᠠᠯᠳᠠᠨ ᠬᠤᠭᠤᠴᠠᠭ᠎ᠠ ᠶᠢ ᠠᠮᠵᠢᠨ᠂ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠡᠯᠡᠰᠦ ᠶᠢ ᠨᠢᠭᠡ | ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮᠳᠤ ᠵᠠᠰᠠᠯᠲᠠ ᠶᠢᠨ ᠢᠨᠵᠧᠨᠧᠷᠢᠩ ᠤᠨ ᠴᠢᠬᠢ ᠮᠣᠳᠣ ᠨᠥᠬᠦᠵᠦ | ᠵᠠᠶᠢᠯᠠᠬᠤ ᠠᠵᠢᠯ ᠢ ᠯᠠᠪᠳᠠᠭᠤᠨ ᠪᠠᠲᠤᠲᠠᠢ ᠦᠷᠨᠢᠭᠦᠯᠵᠦ ᠪᠠᠶᠢᠨ᠎ᠠ᠃ | | | | | | ᠠᠭᠤᠯᠠ ᠤᠰᠤᠨ ᠤ ᠢᠨᠵᠧᠨᠧᠷᠢᠩ ᠤᠨ ᠪᠠᠭᠠᠳᠠᠯ᠎ᠠ ᠲᠦᠷᠦᠯ ᠵᠦᠢᠯ ᠤᠨ ᠲᠣᠭᠤᠷᠢᠭ ᠲᠤ᠂ ᠴᠢᠬᠢ ᠮᠣᠳᠣᠨ ᠤ | ᠡᠳᠡᠭᠡᠷᠡᠯᠲᠡ ᠶᠢᠨ ᠨᠤᠷᠮ᠎ᠠ ᠶᠢ ᠪᠠᠲᠤᠯᠠᠬᠤ ᠶᠢᠨ ᠲᠥᠯᠥᠭᠡ᠂ ᠠᠵᠢᠯᠴᠢᠳ ᠴᠢᠬᠢ ᠰᠣᠩᠭᠤᠬᠤ᠂ ᠨᠦᠬᠡ ᠮᠠᠯᠲᠠᠬᠤ᠂ | ᠰᠢᠷᠣᠢ ᠨᠡᠮᠡᠬᠦ᠂ ᠲᠣᠭᠲᠠᠪᠤᠷᠢᠵᠢᠭᠤᠯᠬᠤ ᠵᠡᠷᠭᠡ ᠵᠠᠩᠭᠢᠯᠠᠭ᠎ᠠ ᠶᠢᠨ ᠠᠵᠢᠯ ᠠᠴᠠ ᠡᠬᠢᠯᠡᠨ ᠠᠳᠬᠤᠵᠤ᠂ ᠨᠢᠭᠡ ᠮᠣᠳᠣ | ᠵᠠᠶᠢᠯᠠᠪᠠᠯ ᠨᠢᠭᠡ ᠶᠢ ᠡᠳᠡᠭᠡᠬᠦ ᠶᠢ ᠪᠠᠳᠤᠯᠠᠬᠤ ᠪᠠᠷ᠂ ᠲᠤᠬᠠᠢ ᠶᠢᠨ ᠲᠠᠯᠠᠪᠠᠢ ᠳᠤ ᠶᠠᠭᠠᠷᠠᠯᠲᠠᠢ ᠠᠵᠢᠯᠠᠯᠠᠵᠠᠭᠠᠵᠤ ᠪᠠᠶᠢᠯ᠎ᠠ | ᠃ | | | ᠲᠤᠰ ᠬᠤᠰᠢᠭᠤ ᠠᠭᠤᠯᠠ ᠤᠰᠤᠨ ᠤ ᠢᠨᠵᠧᠨᠧᠷᠢᠩ ᠢ 3 ᠰᠠᠷ᠎ᠠ ᠶᠢᠨ 25 ᠤ ᠡᠳᠦᠷ ᠪᠦᠬᠦ ᠲᠠᠯ᠎ᠠ ᠪᠠᠷ | ᠡᠬᠢᠯᠡᠭᠦᠯᠵᠦ᠂ ᠬᠠᠶᠢᠯᠠᠰᠤᠨ ᠮᠣᠳᠣ᠂ ᠲᠠᠪᠤᠯᠵᠢᠨ ᠪᠠᠳᠤᠴᠠᠭᠠᠨ ᠮᠣᠳᠣ᠂ ᠨᠠᠶᠢᠯᠵᠠᠭᠤᠷ ᠬᠠᠷᠠᠭᠠᠨ᠎ᠠ ᠵᠡᠷᠭᠡ | ᠨᠤᠲᠤᠭ ᠤᠨ ᠮᠣᠳᠣᠨ ᠤ ᠲᠥᠷᠥᠯ ᠢ ᠵᠠᠶᠢᠯᠠᠵᠤ᠂ 4 ᠰᠠᠷ᠎ᠠ ᠶᠢᠨ 20 ᠤ ᠡᠳᠦᠷ ᠳᠠᠭᠤᠰᠬᠠᠬᠤ ᠪᠠᠷ ᠴᠢᠷᠮᠠᠶᠢᠵᠤ | ᠪᠠᠶᠢᠨ᠎ᠠ᠃ | | | ᠣᠶᠢᠯᠠᠭᠠᠭᠰᠠᠨ ᠢᠶᠠᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠭᠤᠯᠠ ᠤᠰᠤ ᠣᠶ ᠲᠠᠷᠢᠶ᠎ᠠ | ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠤᠨ ᠣᠶ ᠰᠢᠭᠤᠢ | ᠡᠪᠡᠰᠦ ᠪᠡᠯᠴᠢᠭᠡᠷ ᠤᠨ ᠲᠥᠷᠥᠯ ᠵᠦᠢᠯ ᠢ ︽ᠨᠢᠭᠡ ᠭᠤᠤᠯ᠂ ᠶᠢᠰᠦᠨ ᠲᠤᠭᠤᠷᠢᠭ᠂ ᠳᠥᠷᠪᠡᠨ ᠴᠡᠭ︾ ᠤᠨ | ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠠᠭᠤᠯᠠ ᠪᠠᠯᠭᠠᠰᠤ ᠪᠠᠷ ᠬᠠᠮᠠᠭᠠᠯᠠᠬᠤ ᠪᠠ ᠰᠡᠯᠪᠢᠨ ᠰᠡᠷᠭᠦᠭᠡᠬᠦ | ᠢᠨᠵᠧᠨᠧᠷᠢᠩ ᠤᠨ ᠭᠤᠣᠯ ᠣᠷᠣᠨ ᠪᠣᠯᠭᠠᠵᠤ᠂ ᠨᠤᠭᠤᠰᠤᠳᠠᠢ ᠪᠠᠯᠭᠠᠰᠤ᠂ ᠮᠤᠳᠤᠳᠤ ᠰᠤᠮᠤ᠂ ᠭᠠᠨᠵᠤᠭ᠎ᠠ ᠪᠠᠯᠭᠠᠰᠤ | ᠵᠡᠷᠭᠡ ᠨᠡᠶᠢᠲᠡ ᠶᠢᠰᠦᠨ ᠰᠤᠮᠤ ᠪᠠᠯᠭᠠᠰᠤ ᠪᠠᠷ ᠵᠠᠰᠠᠯᠳᠠ ᠶᠢᠨ ᠲᠤᠭᠤᠷᠢᠭ ᠪᠣᠯᠭᠠᠵᠤ᠂ ᠴᠦᠩᠬᠦᠯ ᠤᠨ ᠭᠤᠸ ᠶᠢᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠱᠤᠩᠬᠤᠷ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ᠂ ᠤᠳᠠᠨᠳᠠᠯ᠎ᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯᠣᠨ ᠬᠤᠯᠤᠰᠤᠲᠠᠢ ᠨᠠᠭᠤᠷ ᠤᠨ ᠨᠤᠭᠤ | ᠭᠠᠵᠠᠷ ᠤᠨ ᠬᠠᠮᠠᠭᠠᠯᠠᠯᠲᠠ ᠶᠢᠨ ᠣᠷᠣᠨ ᠵᠡᠷᠭᠡ ᠲᠦᠷᠪᠡᠨ ᠭᠠᠵᠠᠷ ᠢᠶᠠᠷ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠤᠨ ᠵᠢᠱᠢᠶ᠎ᠡ ᠦᠵᠡᠭᠦᠯᠬᠦ ᠴᠡᠭ ᠪᠣᠯᠭᠠᠨ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠤᠨ ᠶᠡᠷᠦᠩᠬᠡᠢ | ᠬᠡᠪᠴᠢᠶ᠎ᠡ 153.11 ᠲᠦᠮᠡᠨ ᠮᠦ ᠬᠦᠷᠴᠦ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 5.846 | ᠳ᠋ᠦᠩᠰᠢᠭᠤᠷ ᠲᠥᠭᠦᠷᠢᠭ ᠬᠦᠷᠴᠦ᠂ ᠣᠳᠣᠬᠠᠨ ᠳᠤ ᠨᠢᠭᠡᠨᠲᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠡᠭᠦᠷᠭᠡ ᠪᠠᠨ ᠪᠦᠬᠦᠨ ᠢ ᠪᠡᠶᠡᠯᠡᠭᠦᠯᠪᠡ᠃ | |