ᠮᠧᠩ ᠰᠢᠶᠠᠨ ᠳ᠋ᠦᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/15
    4 ᠰᠠᠷ᠎ᠠ ᠶᠢᠨ 10 ᠤ ᠡᠳᠦᠷ᠂ ᠮᠧᠩ ᠰᠢᠶᠠᠨ ᠳ᠋ᠦᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠭᠦᠨᠵᠡᠭᠡᠶᠢᠷᠡᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠰᠢᠪᠲᠤᠯᠤᠯᠲᠠ ᠭᠠᠷᠭᠠᠬᠤ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠬᠤᠷᠠᠯ ᠬᠤᠷᠠᠯᠳᠤᠭᠤᠯᠵᠤ ᠬᠠᠷᠢᠭᠤ ᠮᠡᠳᠡᠭᠦᠯᠦᠯᠲᠡ ᠰᠣᠨᠣᠰᠴᠤ᠂ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠩᠬᠠᠷᠴᠤ᠂ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠠᠵᠢᠯ ᠤᠨ ᠰᠢᠪᠲᠤᠯᠤᠯᠲᠠ ᠪᠠᠷ ᠳᠡᠮᠵᠢᠨ ᠪᠦᠬᠦ᠋ᠢᠯᠡ ᠠᠵᠢᠯ ᠤᠨ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠮᠧᠩ ᠰᠢᠶᠠᠨ ᠳ᠋ᠦᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠤᠭᠤᠰᠤᠲᠠᠢ ᠪᠠᠯᠭᠠᠰᠤᠨ ᠤ ᠴᠠᠶᠢᠳᠠᠮ ᠭᠠᠴᠠᠭ᠎ᠠ ᠳᠤ ᠬᠦᠷᠴᠦ᠂ ᠲᠠᠷᠢᠶᠠᠨ ᠭᠠᠵᠠᠷ ᠲᠤ ᠬᠦᠨᠵᠡᠭᠡᠶᠢᠷᠡᠨ᠂ ᠮᠠᠯᠵᠢᠬᠤ ᠡᠷᠦᠬᠡ ᠪᠠᠷ ᠠᠶᠢᠯᠴᠢᠯᠠᠵᠤ᠂ ᠮᠢᠩᠭᠠᠨ ᠲᠦᠮᠡᠨ ᠮᠦ ᠣᠲᠣ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠ ᠲᠠᠢ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠪᠠ ᠠᠯᠠᠰᠢᠨ ᠦᠬᠡᠷ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ ᠢ ᠣᠶᠢᠯᠠᠭᠠᠪᠠ︔ ᠰᠢᠨᠪᠠᠩ ᠪᠤᠷ ᠤᠨ ᠦᠢᠯᠡᠰ᠂ ᠱᠧᠩ ᠪᠦᠦ ᠰᠢᠨᠵᠢᠯᠡᠬᠦ ᠤᠬᠠᠭᠠᠨ ᠮᠡᠷᠭᠡᠵᠢᠯ᠂ ᠤᠤᠪᠠᠩ ᠴᠡᠴᠡᠷᠯᠢᠭ ᠤᠨ ᠮᠡᠷᠭᠡᠵᠢᠯ᠂ ᠳᠤᠮᠳᠠᠳᠤ ᠪᠤᠯᠢᠸᠢᠶ᠎ᠠ ᠰᠲ᠋ᠣᠺ ᠡᠵᠡᠮᠳᠡᠬᠦ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠤᠬᠠᠢ ᠶᠢᠨ ᠭᠠᠵᠠᠷ ᠤᠨ ᠴᠠᠬᠢᠭᠤᠷ ᠡᠯᠡᠰᠦ᠂ ᠰᠢᠨ᠎ᠡ ᠡᠨᠧᠷᠭᠢ ᠵᠡᠷᠭᠡ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃      ᠲᠡᠷᠡ ᠵᠢᠭᠠᠵᠤ ᠭᠠᠷᠭᠠᠭᠰᠠᠨ ᠨᠢ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠷᠴᠢ ᠵᠣᠷᠢᠭ ᠢ ᠭᠤᠶᠢᠪᠢᠰᠢ ᠦᠭᠡᠢ ᠪᠠᠷᠢᠮᠲᠠᠯᠠᠵᠤ᠂ ᠪᠦᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠲᠠᠳᠠᠬᠤ ᠠᠵᠢᠯ ᠤᠨ ︽ᠰᠢᠨ᠎ᠡ ᠶᠢ ᠡᠭᠦᠳᠬᠦ ᠣᠨ︾ ᠢᠶᠠᠷ ᠭᠠᠷᠳᠠᠴᠠ ᠪᠣᠯᠭᠠᠵᠤ᠂ ᠴᠠᠬᠢᠭᠤᠷ ᠡᠯᠡᠰᠦ᠂ ᠰᠢᠨ᠎ᠡ ᠡᠨᠧᠷᠭᠢ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠠᠵᠤ ᠦᠢᠯᠡᠳᠪᠦᠷᠢ ᠪᠠᠷ ᠡᠵᠡᠨ ᠰᠠᠭᠤᠬᠤ᠂ ᠵᠠᠷᠢᠮ ᠢ ᠨᠢ ᠬᠢᠵᠦ ᠵᠠᠷᠢᠮ ᠢ ᠨᠢ ᠬᠢᠬᠦ ᠦᠭᠡᠢ ᠪᠠᠶᠢᠬᠤ ᠶᠢ ᠪᠠᠷᠢᠮᠲᠠᠯᠠᠨ᠂ ᠨᠣᠭᠤᠭᠠᠨ ᠡᠨᠧᠷᠭᠢ ᠶᠢ ᠠᠵᠤ ᠦᠢᠯᠡᠰ ᠯᠦᠭᠡ ᠬᠠᠮᠵᠢᠯᠴᠠᠨ ᠨᠡᠭᠡᠭᠡᠨ ᠬᠥᠭᠵᠢᠭᠦᠯᠬᠦ ᠶᠢ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠡᠯᠡ ᠲᠠᠳᠠᠬᠤ ᠶᠢ ᠵᠣᠬᠢᠶᠠᠨ ᠪᠠᠶᠢᠭᠤᠯᠤᠨ ᠳᠠᠶᠢᠴᠢᠯᠠᠬᠤ᠂ ᠲᠥᠷᠥᠯ ᠵᠦᠢᠯ ᠢ ᠲᠥᠯᠥᠪᠵᠢᠭᠦᠯᠬᠦ᠂ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠬᠦᠷᠢᠶᠡᠯᠡᠩ ᠲᠣᠭᠤᠷᠢᠭ ᠢ ᠢᠵᠢ ᠪᠦᠷᠢᠳᠦᠭᠦᠯᠦᠨ᠂ ᠲᠥᠷᠥ ᠶᠢᠨ ᠪᠣᠳᠣᠯᠭ᠎ᠠ ᠪᠠᠷ ᠲᠡᠳᠬᠦᠨ ᠳᠡᠮᠵᠢᠵᠦ᠂ ᠠᠵᠤ ᠦᠢᠯᠡᠳᠪᠦᠷᠢ ᠶᠢᠨ ᠠᠯᠢ ᠲᠦᠷᠭᠡᠨ ᠢᠶᠠᠷ ᠬᠦᠴᠦᠷᠬᠡᠭᠵᠢᠨ ᠣᠨᠴᠠᠭᠠᠶᠢᠷᠠᠬᠤ ᠶᠢ ᠠᠬᠢᠭᠤᠯᠬᠤ ᠬᠡᠷᠡᠭᠳᠡᠢ᠃ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠰᠢᠪᠲᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠣᠶᠣᠯ ᠵᠤᠭᠠᠴᠠᠯ ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠢᠯᠠᠩᠭᠤᠶ᠎ᠠ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠠᠵᠤ ᠦᠢᠯᠡᠰ ᠢ ᠲᠣᠪᠣᠶᠢᠮ᠎ᠠ ᠰᠠᠶᠢᠲᠤᠷ ᠠᠳᠬᠤᠵᠤ᠂ ᠭᠤᠷᠪᠠᠳᠤᠭᠠᠷ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠵᠥᠷᠢᠴᠡᠯ ᠢ ᠠᠳᠬᠤᠨ᠂ ᠬᠢᠵᠠᠭᠠᠷ ᠲᠠᠢ ᠬᠠᠷᠠᠯᠲᠠ ᠶᠢ ᠲᠣᠭᠲᠠᠭᠠᠵᠤ᠂ ᠬᠦᠴᠦᠨ ᠢᠶᠠᠨ ᠲᠥᠪᠯᠡᠷᠡᠭᠦᠯᠦᠨ ᠰᠢᠪᠳᠤᠯᠤᠯᠳᠠ ᠬᠢᠵᠦ᠂ ᠬᠤᠶᠢᠲᠤ ᠬᠤᠰᠢᠭᠤᠨ ᠤ ᠦᠬᠡᠷ ᠢ ︽ᠳᠤᠮᠳᠠᠳᠤ ᠤᠯᠤᠰ ᠤᠨ ᠦᠬᠡᠷ︾᠂ ︽ᠳᠡᠯᠡᠬᠡᠢ ᠶᠢᠨ ᠦᠬᠡᠷ︾ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃ 
孟宪东深入科左后旗调研 01.jpg 
     ᠮᠧᠩ ᠰᠢᠶᠠᠨ ᠳ᠋ᠦᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠤᠭᠤᠰᠤᠲᠠᠢ ᠪᠠᠯᠭᠠᠰᠤᠨ ᠤ ᠴᠠᠶᠢᠳᠠᠮ ᠭᠠᠴᠠᠭ᠎ᠠ ᠳᠤ ᠲᠤᠬᠠᠢ ᠶᠢᠨ ᠭᠠᠵᠠᠷ ᠤᠨ ᠠᠯᠠᠰᠢᠨ ᠦᠬᠡᠷ ᠲᠡᠵᠢᠭᠡᠨ ᠦᠷᠡᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃
  孟宪东深入科左后旗调研 02.jpg
      ᠮᠧᠩ ᠰᠢᠶᠠᠨ ᠳ᠋ᠦᠩ ᠲᠦᠩᠯᠢᠶᠣᠣ ᠬᠤᠲᠠ ᠶᠢᠨ ᠤᠣ ᠪᠠᠩ ᠴᠡᠴᠡᠷᠯᠢᠭ ᠤᠨ ᠵᠠᠰᠠᠯ ᠴᠢᠮᠡᠭᠯᠡᠯ ᠤᠨ ᠬᠢᠵᠠᠭᠠᠷᠲᠤ ᠺᠣᠮᠫᠠᠨᠢ ᠳᠤ ᠠᠵᠤ ᠠᠬᠤᠶᠢᠯᠠᠯ ᠤᠨ ᠪᠦᠲᠦᠭᠡᠭᠳᠡᠬᠦᠨ ᠤ ᠦᠵᠡᠭᠦᠯᠦᠯᠭᠡ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃     ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠪᠣᠯ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠲᠠᠶᠢᠯᠠᠯᠳᠤᠭᠠᠨ ᠤ ᠴᠢᠬᠤᠯᠠ ᠨᠢᠭᠡ ᠲᠠᠶᠢᠯᠠᠯᠳᠤᠭᠠᠨ ᠤ ᠲᠠᠯᠠᠪᠤᠷ ᠪᠣᠯᠣᠨ᠎ᠠ᠃ ᠮᠧᠩ ᠰᠢᠶᠠᠨ ᠳ᠋ᠦᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠠᠭᠠᠳᠠᠯ᠎ᠠ ᠰᠤᠮᠤ ᠶᠢᠨ ᠪᠦᠷᠢᠳᠦᠨ ᠭᠠᠴᠠᠭ᠎ᠠ ᠳᠤ ᠬᠦᠷᠴᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠵᠤ᠂ ᠲᠤᠬᠠᠢ ᠶᠢᠨ ᠭᠠᠵᠠᠷ ᠤᠨ ᠡᠯᠡᠰᠦ ᠶᠢ ᠵᠠᠰᠠᠬᠤ ᠡᠭᠦᠷᠭᠡ᠂ ᠲᠥᠯᠦᠪᠵᠢᠭᠦᠯᠭᠡ᠂ ᠪᠡᠯᠡ ᠮᠥᠩᠭᠦ᠂ ᠲᠦᠭᠦᠬᠡᠢ ᠮᠠᠲ᠋ᠧᠷᠢᠶᠠᠯ ᠵᠡᠷᠭᠡ ᠪᠠᠶᠢᠳᠠᠯ ᠢ ᠨᠠᠷᠢᠨ ᠨᠢᠮᠪᠠᠢ ᠠᠰᠠᠭᠤᠨ ᠯᠠᠪᠯᠠᠵᠠᠢ᠃ ᠲᠡᠷᠡ ᠵᠢᠭᠠᠵᠤ ᠭᠠᠷᠭᠠᠭᠰᠠᠨ ᠨᠢ᠂ ᠲᠦᠷᠭᠡᠨ ᠠᠵᠢᠯᠯᠠᠵᠤ ︽ᠨᠢᠭᠡ ᠴᠣᠭᠴᠠᠵᠢᠭᠤᠯᠬᠤ ᠢᠨᠵᠧᠨᠧᠷᠢᠩ︾ ᠢ ᠠᠬᠢᠭᠤᠯᠬᠤ ᠶᠢ ᠴᠢᠩᠭ᠎ᠠ ᠠᠳᠬᠤᠵᠤ᠂ ︽ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠬᠢᠨᠠᠮᠠᠭᠠᠢ ᠬᠡᠷᠡᠭᠵᠢᠭᠦᠯᠵᠦ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠳᠡᠭᠡᠭᠰᠢ ᠴᠢᠷᠮᠠᠶᠢᠬᠤ ᠡᠷᠴᠢᠮ ᠢᠶᠠᠨ ᠴᠢᠩᠭᠠᠷᠠᠭᠤᠯᠤᠨ᠂ ᠭᠠᠵᠠᠷ ᠰᠢᠷᠣᠢ ᠳᠠᠭᠠᠭᠠᠴᠢᠯᠠᠭᠰᠠᠨ ᠨᠢᠭᠡᠴᠡ ᠪᠠ ᠬᠤᠪᠢ ᠬᠥᠮᠥᠨ ᠤ ᠬᠠᠮᠠᠭᠠᠯᠠᠵᠤ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠠᠯ᠎ᠠ ᠶᠢᠨ ᠬᠢᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠳᠡᠪᠬᠢᠵᠢᠯ ᠢ ᠢᠳᠡᠪᠬᠢᠲᠡᠢ ᠳᠠᠶᠢᠴᠢᠯᠠᠬᠤ ᠳᠤ ᠡᠷᠬᠡᠪᠰᠢ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠬᠠᠮᠢᠶᠠᠷᠤᠯᠲᠠ ᠶᠢ ᠴᠢᠩᠭᠠᠳᠬᠠᠨ᠂ ᠳᠤᠷ᠎ᠠ ᠪᠠᠷ ᠢᠶᠠᠨ ᠬᠠᠭᠠᠯᠪᠤᠷᠢᠯᠠᠬᠤ᠂ ᠳᠤᠷ᠎ᠠ ᠪᠠᠷ ᠢᠶᠠᠨ ᠮᠠᠯᠵᠢᠬᠤ᠂ ᠳᠤᠷ᠎ᠠ ᠪᠠᠷ ᠢᠶᠠᠨ ᠡᠵᠡᠯᠡᠬᠦ ᠵᠡᠷᠭᠡ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠡᠢ᠃
  孟宪东深入科左后旗调研 03.jpg
     ᠮᠧᠩ ᠰᠢᠶᠠᠨ ᠳ᠋ᠦᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠠᠭᠠᠳᠠᠯ᠎ᠠ ᠰᠤᠮᠤ ᠶᠢᠨ ᠪᠦᠷᠢᠳᠦᠨ ᠭᠠᠴᠠᠭ᠎ᠠ ᠳᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠪᠠᠶᠢᠴᠠᠭᠠᠨ ᠰᠤᠳᠤᠯᠵᠠᠢ᠃     ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠨᠠᠷ ᠰᠠᠶᠢᠲᠠᠢ ᠡᠭᠦᠳᠦᠨ ᠪᠠᠶᠢᠭᠤᠯᠬᠤ ᠪᠣᠯ ᠡᠨᠡ ᠵᠢᠯ ᠤᠨ ᠪᠥᠬᠦ ᠬᠤᠲᠠ ᠶᠢᠨ ᠠᠵᠢᠯ ᠤᠨ ᠨᠢᠭᠡᠨ ᠴᠢᠬᠤᠯᠠ ᠡᠭᠦᠷᠭᠡ ᠮᠥᠨ ᠃ ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠮᠧᠩ ᠰᠢᠶᠠᠨ ᠳ᠋ᠦᠩ ᠪᠠᠰᠠ ᠤᠷᠢᠳ ᠬᠤᠵᠢᠳ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠨᠵᠤᠭ᠎ᠠ ᠪᠠᠯᠭᠠᠰᠤᠨ ᠤ ᠦᠨᠳᠦᠰᠦᠲᠡᠨ ᠤ ᠨᠡᠶᠢᠭᠡᠮ ᠲᠣᠭᠤᠷᠢᠭ ᠪᠠ ᠲᠦᠩᠯᠢᠶᠣᠣ ᠬᠤᠲᠠ ᠶᠢᠨ ᠮᠣᠩᠭᠤᠯ ᠡᠮᠨᠡᠯᠭᠡ ᠶᠢᠨ ᠶᠠᠰᠤ ᠪᠠᠷᠢᠬᠤ ᠡᠮᠨᠡᠯᠭᠡ ᠶᠢᠨ ᠬᠤᠷᠢᠶ᠎ᠠ ᠳᠤ ᠬᠦᠷᠴᠦ᠂ ᠲᠤᠬᠠᠢ ᠶᠢᠨ ᠭᠠᠵᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠬᠠᠭᠤᠯᠭ᠎ᠠ ᠪᠠ ᠡᠭᠦᠳᠦᠨ ᠪᠠᠶᠢᠭᠤᠯᠬᠤ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠵᠦ ᠣᠶᠢᠯᠠᠭᠠᠪᠠ᠃ ᠲᠡᠷᠡ᠂ ᠡᠭᠦᠳᠦᠨ ᠪᠠᠶᠢᠭᠤᠯᠬᠤ ᠠᠵᠢᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠲᠠᠪᠴᠠᠩ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠮᠡᠷᠭᠡᠨᠪᠠᠭᠠᠳᠤᠷ ᠣᠷᠣᠯᠴᠠᠪᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号