ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠤᠯᠠᠭᠠᠨ ᠦᠬᠡᠷ ᠤᠨ ᠢᠴᠡᠭᠡᠯ ᠦᠷ᠎ᠡ ᠶᠢᠨ ᠬᠡᠭᠡᠯᠳᠦᠭᠦᠯᠭᠡ  ᠶᠢ 71 ᠵᠢᠯ ᠪᠠᠷᠢᠮᠳᠠᠯᠠᠵᠤ ᠮᠠᠯᠴᠢᠨ ᠲᠠᠷᠢᠶᠠᠴᠢᠨ ᠳᠤ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠪᠡ
ᠨᠡᠶᠢᠲᠡᠯᠡᠭᠰᠡᠨ ᠴᠠᠭ᠄
2024/4/15
    ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠢᠴᠡᠭᠡᠯ ᠦᠷ᠎ᠡ ᠶᠢᠨ ᠬᠡᠭᠡᠯᠳᠦᠭᠦᠯᠭᠡ ᠬᠢᠵᠦ ᠤᠯᠠᠭᠠᠨ ᠦᠬᠡᠷ  ᠤᠨ ᠡᠭᠦᠯᠳᠡᠷ ᠰᠠᠶᠢᠵᠢᠷᠠᠭᠤᠯᠬᠤ ᠠᠵᠢᠯ ᠢᠶᠠᠷ ᠤᠯᠠᠭᠠᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ 71 ᠵᠢᠯ ᠭᠤᠶᠢᠪᠢᠰᠢ ᠦᠭᠡᠢ ᠪᠠᠷᠢᠮᠳᠠᠯᠠᠵᠤ᠂ ᠮᠠᠯ ᠰᠦᠷᠦᠭ ᠤᠨ ᠶᠠᠰᠤ ᠴᠢᠨᠠᠷ ᠢ ᠵᠢᠯ ᠳᠠᠷᠠᠭᠠᠯᠠᠨ ᠳᠡᠭᠡᠭᠰᠢᠯᠡᠭᠦᠯᠵᠦ᠂ ᠤᠯᠠᠭᠠᠨ ᠦᠬᠡᠷ ᠤᠨ ᠶᠠᠰᠤ ᠴᠢᠨᠠᠷ ᠪᠣᠯᠣᠨ ᠲᠤᠭ᠎ᠠ ᠬᠡᠮᠵᠢᠶ᠎ᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠳᠤ ᠮᠠᠩᠯᠠᠶᠢᠯᠠᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠠ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃      ᠪᠦᠬᠡᠪᠠᠶᠠᠷ ᠪᠣᠯ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠭᠠᠨᠵᠤᠭ᠎ᠠ ᠪᠠᠯᠭᠠᠰᠤ ᠶᠢᠨ ᠵᠡᠭᠦᠨ ᠰᠢᠷᠡᠯᠳᠡᠢ ᠭᠠᠴᠠᠭ᠎ᠠ ᠶᠢᠨ ᠬᠥᠳᠡᠭᠡ ᠲᠣᠰᠬᠤᠨ ᠤ ᠮᠠᠯ ᠤᠨ ᠡᠮᠴᠢ ᠪᠠ ᠭᠠᠷ ᠬᠡᠭᠡᠯᠲᠦᠭᠦᠯᠦᠭᠴᠢ ᠪᠤᠯᠤᠨ᠎ᠠ᠂ ᠲᠡᠷᠡ ᠤᠷᠢᠳ ᠬᠤᠵᠢᠳ ᠪᠦᠬᠦ ᠤᠯᠤᠰ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠳᠡᠯᠮᠦᠷᠢ ᠶᠢᠨ ᠵᠢᠱᠢᠶᠡᠴᠢ᠂ ︽ᠪᠦᠬᠦ ᠤᠯᠤᠰ ᠤᠨ ᠠᠷᠪᠠᠨ ᠰᠢᠯᠢᠳᠡᠭ ᠲᠠᠷᠢᠶᠠᠴᠢᠨ︾ ᠤ ᠲᠤᠰᠠᠯᠠᠮᠵᠢ ᠶᠢᠨ ᠲᠦᠷᠦᠯ ᠵᠦᠢᠯ ᠤᠨ ᠲᠠᠨᠢᠯᠴᠠᠭᠤᠯᠤᠭᠴᠢ ᠪᠠ ᠲᠦᠩᠯᠢᠶᠣᠣ ᠬᠤᠲᠠ ᠶᠢᠨ ︽ᠠᠷᠪᠠᠨ ᠰᠢᠯᠢᠳᠡᠭ ᠦᠬᠡᠷ ᠲᠡᠵᠢᠭᠡᠬᠦ ᠴᠢᠳᠠᠪᠤᠷᠢᠲᠠᠨ︾ ᠤ ᠢᠷᠠᠭᠤ ᠠᠯᠳᠠᠷ ᠢ ᠬᠦᠷᠲᠡᠵᠡᠢ᠃ ᠲᠡᠭᠦᠨ ᠤ ᠦᠬᠡᠷ ᠲᠡᠵᠢᠭᠡᠭᠰᠡᠨ ᠨᠢᠭᠤᠴᠠ ᠵᠣᠷ ᠪᠣᠯ ᠳᠠᠷᠤᠢ ᠡᠭᠦᠯᠳᠡᠷ ᠰᠠᠶᠢᠵᠢᠷᠠᠭᠤᠯᠬᠤ ᠶᠠᠪᠤᠳᠠᠯ ᠮᠥᠨ᠃ 1998 ᠣᠨ ᠠᠴᠠ ᠡᠬᠢᠯᠡᠨ᠂ ᠲᠡᠷᠡ ᠲᠤᠰ ᠨᠤᠲᠤᠭ ᠤᠨ ᠡᠭᠦᠯᠳᠡᠷ ᠤᠨ ᠮᠠᠯ ᠳᠤ ᠨᠠᠷᠢᠨ ᠨᠢᠭᠲᠠ ᠤᠳᠤᠮᠰᠢᠯ ᠤᠨ ᠲᠡᠮᠳᠡᠭᠯᠡᠯ ᠬᠢᠵᠦ᠂ ᠠᠳᠠᠯᠢ ᠪᠤᠰᠤ ᠤᠳᠤᠮ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ ᠪᠠᠷ ᠲᠠᠮᠵᠢᠨ᠂ ᠤᠳᠤ ᠶᠢᠨ ᠰᠦ ᠮᠢᠬ᠎ᠠ ᠶᠢ ᠨᠢᠭᠡ ᠴᠣᠭᠴᠠᠵᠢᠭᠤᠯᠤᠨ ᠡᠭᠦᠯᠳᠡᠷ ᠰᠠᠶᠢᠵᠢᠷᠠᠭᠤᠯᠤᠭᠰᠠᠨ ᠦᠬᠡᠷ ᠢ ᠠᠭᠠᠵᠢᠮ ᠢᠶᠠᠷ ᠪᠤᠶᠢᠵᠢᠭᠤᠯᠤᠭᠰᠠᠨ ᠪᠠᠶᠢᠨ᠎ᠠ᠃
  黄牛改良01.png   
    1953 ᠣᠨ ᠠᠴᠠ ᠡᠬᠢᠯᠡᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠮᠣᠩᠭᠤᠯ ᠦᠬᠡᠷ ᠪᠠ ᠰᠠᠨ ᠾᠧ ᠦᠬᠡᠷ ᠢᠶᠠᠷ ᠡᠬᠡ ᠦᠨᠳᠦᠰᠦ ᠪᠣᠯᠭᠠᠵᠤ᠂ ᠰᠢᠮᠧᠨ᠋ᠲ᠋ᠠᠷ ᠦᠬᠡᠷ ᠢᠶᠠᠷ ᠡᠴᠢᠭᠡ ᠦᠨᠳᠦᠰᠦ ᠪᠣᠯᠭᠠᠵᠤ᠂ ᠡᠭᠦᠯᠳᠡᠷ ᠰᠠᠶᠢᠵᠢᠷᠠᠭᠤᠯᠤᠨ ᠰᠣᠩᠭᠤᠨ ᠪᠣᠶᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠭᠰᠡᠨ ᠪᠠᠶᠢᠨ᠎ᠠ᠃ ᠨᠤᠳᠤᠭ  ᠤᠨ ᠦᠨᠢᠶ᠎ᠡ ᠶᠢ ᠡᠷᠯᠢᠰᠵᠢᠭᠦᠯᠦᠨ ᠡᠬᠦᠯᠳᠡᠷ ᠰᠠᠶᠢᠵᠢᠷᠠᠭᠤᠯᠬᠤ᠂ ᠡᠩ ᠤᠨ ᠳᠤᠯᠠᠭᠠᠨ ᠳᠤ ᠬᠥᠮᠥᠨ ᠤ ᠬᠦᠴᠦ ᠪᠠᠷ ᠦᠷ᠎ᠡ ᠲᠣᠭᠲᠠᠭᠠᠬᠤ᠂ ᠮᠥᠬᠦᠯᠢᠭᠲᠦ ᠢᠴᠡᠭᠡᠯ ᠦᠷ᠎ᠡ ᠶᠢᠨ ᠰᠢᠩᠭᠡᠨ ᠢᠶᠠᠷ ᠬᠥᠮᠥᠨ ᠤ ᠬᠦᠴᠦ ᠪᠠᠷ ᠦᠷ᠎ᠡ ᠲᠣᠭᠲᠠᠭᠠᠬᠤ᠂ ᠨᠠᠷᠢᠨ ᠭᠤᠤᠷᠰᠤᠳᠤ ᠢᠴᠡᠭᠡᠯ ᠦᠷ᠎ᠡ ᠶᠢᠨ ᠰᠢᠩᠭᠡᠨ ᠢᠶᠠᠷ ᠬᠥᠮᠥᠨ ᠤ ᠬᠦᠴᠦ ᠪᠠᠷ ᠦᠷ᠎ᠡ ᠲᠣᠭᠲᠠᠭᠠᠬᠤ ᠵᠡᠷᠭᠡ ᠳᠥᠷᠪᠡᠨ ᠱᠠᠲᠤ ᠪᠠᠷ ᠤᠯᠠᠮᠵᠢᠯᠠᠨ ᠬᠥᠭᠵᠢᠭᠦᠯᠬᠦ ᠪᠠᠷ ᠳᠡᠮᠵᠢᠨ᠂ ᠪᠡᠶ᠎ᠡ ᠪᠢᠯᠳᠡᠷ ᠨᠢ ᠬᠦᠳᠡᠷ ᠴᠢᠭᠢᠷᠠᠭ᠂ ᠦᠩᠭᠡ ᠵᠢᠰᠦᠮ ᠨᠢ ᠨᠢᠭᠡᠳᠦᠯᠲᠡᠢ᠂ ᠮᠢᠬᠠᠨ ᠤ ᠬᠡᠷᠡᠭᠯᠡᠭᠡᠨ ᠤ ᠴᠢᠨᠠᠷ ᠴᠢᠨᠰᠠᠭ᠎ᠠ ᠨᠢ ᠲᠣᠪᠣᠶᠢᠮ᠎ᠠ ︽ᠬᠤᠷᠴᠢᠨ ᠦᠬᠡᠷ︾ ᠢ ᠪᠣᠶᠢᠵᠢᠭᠤᠯᠪᠠ᠃
  黄牛改良02.png
   1990 ᠣᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ︽ᠬᠤᠷᠴᠢᠨ ᠦᠬᠡᠷ︾ ᠢᠶᠠᠷ ᠭᠤᠣᠯ ᠴᠣᠭᠴᠠ ᠪᠣᠯᠭᠠᠨ ᠡᠬᠦᠯᠳᠡᠷ ᠰᠠᠶᠢᠵᠢᠷᠠᠭᠤᠯᠤᠭᠰᠠᠨ ᠦᠬᠡᠷ 18 ᠲᠦᠮᠡ ᠪᠣᠯᠵᠤ᠂ ᠤᠯᠠᠭᠠᠨ ᠦᠬᠡᠷ ᠤᠨ ᠶᠡᠷᠦᠩᠬᠡᠢ ᠲᠣᠭᠠᠨ ᠤ 73%  ᠶᠢ ᠡᠵᠡᠯᠡᠵᠦ᠂ ᠰᠢᠨ᠎ᠡ ᠡᠭᠦᠯᠳᠡᠷ ᠪᠤᠶ ᠪᠣᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 2002 ᠣᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠬᠦᠯᠳᠡᠷ ᠰᠠᠶᠢᠵᠢᠷᠠᠭᠤᠯᠤᠭᠰᠠᠨ ᠳᠥᠷᠪᠡᠳᠦᠭᠡᠷ ᠦᠶ᠎ᠡ ᠠᠴᠠ ᠳᠡᠭᠡᠭᠰᠢᠬᠢ ᠤᠯᠠᠭᠠᠨ ᠦᠬᠡᠷ ᠨᠢ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ᠂ ᠲᠠᠷᠢᠶᠠᠯᠠᠩ ᠤᠨ ᠶᠠᠮᠤᠨ ᠤ ᠬᠠᠮᠲᠤᠷᠠᠭᠰᠠᠨ ᠰᠢᠯᠭᠠᠨ ᠪᠠᠶᠢᠴᠠᠭᠠᠯᠲᠠ ᠪᠠᠷ ᠳᠡᠮᠵᠢᠨ᠂ ︽ᠳᠤᠮᠳᠠᠳᠤ ᠤᠯᠤᠰ ᠤᠨ ᠰᠢᠮᠧᠨ᠋ᠲ᠋ᠠᠷ ᠦᠬᠡᠷ ︱ ᠲᠠᠯ᠎ᠠ ᠨᠤᠲᠤᠭ ᠤᠨ ᠲᠥᠷᠥᠯ ᠬᠡᠯᠪᠡᠷᠢ ᠶᠢᠨ ᠰᠦᠷᠦᠭᠵᠢᠯ︾ ᠤᠨ ᠰᠦ ᠮᠢᠬ᠎ᠠ ᠶᠢ ᠬᠠᠪᠰᠤᠷᠭᠠᠨ ᠬᠡᠷᠡᠭᠯᠡᠬᠦ ᠡᠭᠦᠯᠳᠡᠷ ᠢᠶᠠᠷ ᠨᠡᠷᠡᠶᠢᠳᠦᠭᠳᠡᠵᠡᠢ᠃ ᠣᠳᠣᠬᠠᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠯᠠᠭᠠᠨ ᠦᠬᠡᠷ ᠠᠷᠠᠯᠵᠢᠶᠠᠯᠠᠬᠤ ᠵᠠᠬ᠎ᠠ ᠳᠡᠯᠭᠡᠭᠦᠷ ᠲᠤ ᠪᠦᠭᠦ ᠤᠯᠤᠰ ᠤᠨ ᠡᠯ᠎ᠡ ᠭᠠᠵᠠᠷ  ᠤᠨ ᠠᠷᠠᠯᠵᠢᠶᠠᠴᠢᠳ ᠡᠳᠦᠷ ᠢᠷᠡᠬᠦᠶ᠎ᠡ ᠣᠯᠠᠰᠢᠷᠠᠵᠤ᠂ ᠵᠢᠯ ᠪᠦᠷᠢ ᠶᠢᠨ ᠠᠷᠠᠯᠵᠢᠶᠠᠨ ᠤ ᠲᠤᠭ᠎ᠠ ᠵᠠᠭᠤᠨ ᠲᠦᠮᠡ ᠶᠢ ᠳᠠᠪᠠᠵᠤ ᠪᠠᠶᠢᠨ᠎ᠠ᠃
  黄牛改良03.png  
     ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠣᠲᠣ 1200 ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠥᠷᠲᠡᠭᠡ᠂ 1960 ᠭᠠᠷ ᠬᠡᠭᠡᠯᠲᠦᠭᠦᠯᠦᠭᠴᠢ ᠲᠠᠢ᠃ 2023 ᠣᠨ ᠤ ᠮᠠᠯ ᠠᠵᠤ ᠠᠬᠤᠢ ᠶᠢᠨ ᠣᠨ ᠳᠤ᠂ ᠠᠯᠠᠰᠢᠨ ᠦᠬᠡᠷ ᠤᠨ ᠲᠤᠭ᠎ᠠ 100.86 ᠲᠦᠮᠡ ᠬᠦᠷᠴᠦ᠂ ᠡᠭᠦᠨ ᠤ ᠳᠣᠲᠣᠷ᠎ᠠ ᠦᠷᠡᠵᠢᠯ ᠤᠨ ᠴᠢᠳᠡᠪᠤᠷᠢ ᠲᠠᠢ ᠦᠨᠢᠶ᠎ᠡ 62.85 ᠲᠦᠮᠡ᠂ ᠢᠴᠡᠭᠡᠯ ᠦᠷ᠎ᠡ ᠪᠠᠷ ᠬᠡᠭᠡᠯᠳᠦᠭᠦᠯᠭᠡ ᠬᠢᠭᠰᠡᠨ ᠦᠨᠢᠶ᠎ᠡ 42.6 ᠲᠦᠮᠨ ᠬᠦᠷᠴᠦ᠂ ᠰᠠᠶᠢᠨ ᠡᠭᠦᠯᠳᠡᠷ ᠤᠨ ᠨᠣᠷᠮ᠎ᠠ 98% ᠬᠦᠷᠦᠭᠰᠡᠨ ᠪᠠᠶᠢᠨ᠎ᠠ᠃                                                
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号