ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 1 ᠰᠠᠷ᠎ᠠ ᠠᠴᠠ 3 ᠰᠠᠷ᠎ᠠ ᠶᠢᠨ ᠲᠣᠮᠣ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/4/15
      2024 ᠣᠨ ᠤ 1 ᠰᠠᠷ᠎ᠠ ᠳᠤ    1 ᠰᠠᠷ᠎ᠠ ᠶᠢᠨ 2 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠦᠩ ᠭᠦᠸᠧ ᠪᠢᠶᠤᠤ ᠪᠠᠷᠠᠭᠤᠨ ᠯᠢᠶᠣᠤ ᠾᠧ ᠭᠤᠤᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠳᠡᠭᠡᠭᠰᠢᠯᠡᠭᠦᠯᠬᠦ ᠲᠤᠰᠬᠠᠶ ᠰᠡᠳᠦᠪᠲᠦ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠠᠷᠠᠭᠤᠨ ᠯᠢᠶᠣᠤ ᠾᠧ ᠭᠤᠤᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠢ ᠰᠦᠪᠡᠭᠴᠢᠯᠡᠪᠡ᠃    1 ᠰᠠᠷ᠎ᠠ ᠶᠢᠨ 3 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠵᠢᠩᠬᠢᠨᠢ ᠪᠠᠷ ᠳᠠᠩᠰᠠᠯᠠᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠸᠠᠩ ᠮᠠᠨ ᠫᠢᠩ ᠬᠤᠷᠠᠯ ᠢ ᠡᠷᠭᠢᠯᠡᠪᠡ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ ᠮᠠᠨ ᠤ ᠬᠤᠰᠢᠭᠤᠨ ᠤ ᠲᠠᠪᠤᠳᠤᠭᠠᠷ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠱᠠᠲᠤ ᠦᠶ᠎ᠡ ᠶᠢᠨ ᠠᠵᠢᠯ ᠤᠨ ᠦᠷ᠎ᠡ ᠪᠦᠲᠦᠮᠵᠢ ᠶᠢ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    1 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠶᠢᠨ ᠱᠧᠩ 2024 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ 2024 ᠣᠨ ᠤ  ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠪᠠ᠃   1 ᠰᠠᠷ᠎ᠠ ᠶᠢᠨ 8 ᠤ ᠡᠳᠦᠷ᠂ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠢᠨᠠᠨ ᠰᠢᠯᠭᠠᠯᠲᠠ ᠵᠢᠴᠢ ᠳᠥᠷᠪᠡᠳᠦᠭᠡᠷ ᠤᠯᠠᠷᠢᠯ ᠤᠨ ᠪᠥᠬᠦ ᠬᠤᠲᠠ ᠶᠢᠨ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠢᠨᠠᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢ ᠵᠥᠩ ᠴᠧᠨ ᠳᠤᠭᠤᠶᠢᠯᠠᠩ ᠳᠠᠭᠠᠭᠤᠯᠤᠨ ᠮᠠᠨ ᠤ ᠬᠤᠰᠢᠭᠤᠨ ᠳᠤ ᠢᠷᠡᠵᠦ 2023 ᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠢᠨᠠᠨ ᠰᠢᠯᠭᠠᠯᠲᠠ ᠵᠢᠴᠢ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠬᠢᠨᠠᠨ ᠵᠢᠯᠣᠭᠤᠳᠴᠤ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠶᠢᠨ ᠱᠧᠩ᠂ ᠬᠤᠰᠢᠭᠤᠨ ᠤ   ᠡᠯ᠎ᠡ    ᠬᠠᠮᠢᠶ᠎ᠠ    ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠣᠷᠣᠯᠴᠠᠵᠠᠶ᠃    1 ᠰᠠᠷ᠎ᠠ ᠶᠢᠨ 10 ᠤ ᠡᠳᠦᠷ᠂ ᠬᠤᠰᠢᠭᠤᠨ    ᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤᠨ ᠳᠠᠷᠤᠭ᠎ᠠ ᠭᠦᠸᠧ ᠲᠢᠶᠠᠨ ᠪᠦᠦ ᠲᠠᠷᠢᠶᠠᠯᠠᠩ ᠤᠨ ᠬᠥᠭᠵᠢᠭᠦᠯᠦᠯᠲᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠲᠥᠷᠥᠯ ᠵᠦᠶ᠋ᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠶᠢᠨ ᠱᠧᠩ ᠵᠢᠴᠢ ᠬᠠᠮᠢᠶ᠎ᠠ ᠪᠥᠬᠦᠶ ᠭᠠᠵᠠᠷ ᠣᠷᠣᠨ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠣᠷᠣᠯᠴᠠᠵᠠᠶ᠃   1 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠶᠢᠨ ᠱᠧᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ 2023 ᠣᠨ ᠤ ᠬᠢᠯᠠᠰ ᠴᠡᠭ ᠤᠨ ᠠᠵᠢᠯ᠂ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠪᠠᠶᠢᠳᠠᠯ ᠵᠢᠴᠢ 2024 ᠣᠨ ᠤ ᠠᠵᠢᠯ ᠤᠨ ᠰᠡᠳᠬᠢᠮᠵᠢ ᠶᠢ ᠰᠣᠨᠣᠰᠪᠠ᠃    1 ᠰᠠᠷ᠎ᠠ ᠶᠢᠨ 12 ᠤᠨ ᠡᠳᠦᠷ᠂ ᠬᠤᠰᠢᠭᠤᠨ   ᠤ    ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠭᠦᠸᠧ ᠲᠢᠶᠠᠨ ᠪᠦᠦ 2024 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠤᠤᠷᠠᠭ︶︾᠂ ︽2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ︾᠂ ︽2023 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ︾ ᠶᠢ ᠬᠢᠨᠠᠨ ᠵᠥᠪᠯᠡᠵᠦ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ᠂ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠪᠡᠯᠡ ᠮᠥᠩᠭᠦ ᠪᠠᠶᠢᠭᠤᠯᠬᠤ ᠵᠡᠷᠭᠡ ᠶᠠᠪᠤᠳᠠᠯ ᠢ ᠰᠤᠳᠤᠯᠵᠠᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   1 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠦᠩ ᠭᠦᠸᠧ ᠪᠢᠶᠣᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃    1 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠦᠩ ᠭᠦᠸᠧ ᠪᠢᠶᠣᠤ ︽ᠲᠠᠪᠤᠨ ᠠᠵᠤ ᠠᠬᠤᠶ ᠶᠢ ᠲᠦᠭᠡᠮᠡᠯᠵᠢᠭᠦᠯᠬᠦ︾ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠤᠷᠢᠳ ᠬᠤᠵᠢᠳ ᠦᠨᠳᠦᠰᠦᠲᠡᠨ ᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ᠂ ᠬᠤᠩ ᠰᠢᠶᠠᠩ ᠲᠣᠮᠣ ᠪᠠᠭᠤᠳᠠᠯ ᠵᠡᠷᠭᠡ ᠭᠠᠵᠠᠷ ᠲᠤ ᠬᠦᠷᠴᠦ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢᠨ ᠠᠵᠢᠯ ᠢ ᠣᠶᠢᠯᠠᠭᠠᠭᠰᠠᠨ ᠪᠥᠭᠡᠳ ᠣᠳᠣᠬᠠᠨ ᠤ ᠠᠵᠢᠯ ᠤᠨ ᠳᠤᠮᠳᠠᠬᠢ ᠪᠠᠴᠢᠮ ᠰᠢᠢᠳᠪᠦᠷᠢᠯᠡᠬᠦ ᠴᠢᠬᠤᠯᠠᠲᠠᠶ ᠬᠦᠴᠢᠷᠳᠡᠯ ᠪᠠ ᠲᠤᠭ᠎ᠠ ᠪᠦᠷᠢᠳᠬᠡᠯ ᠤᠨ ᠠᠵᠢᠯ ᠤᠨ ᠶᠠᠰᠤ ᠴᠢᠨᠠᠷ ᠢ ᠬᠡᠷᠬᠢᠨ ᠳᠡᠭᠡᠭᠰᠢᠯᠡᠭᠦᠯᠬᠦ ᠶᠢᠨ ᠲᠣᠭᠤᠷᠢᠨ ᠳᠤ ᠠᠵᠢᠯᠲᠠᠳ ᠲᠠᠢ ᠲᠤᠬᠠᠶ ᠶᠢᠨ ᠲᠠᠯᠠᠪᠤᠷ ᠲᠤ ᠶᠠᠷᠢᠯᠴᠠᠨ ᠰᠣᠯᠢᠯᠴᠠᠪᠠ᠃ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠭᠠᠨᠵᠤᠭ᠎ᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠤᠨ ᠭᠤᠤᠯ ᠬᠠᠷᠢᠭᠤᠴᠠᠯᠭᠠᠲᠠᠨ ᠣᠷᠣᠯᠴᠠᠵᠠᠶ᠃    1 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠶᠢᠨ ᠱᠧᠩ 2024 ᠣᠨ ᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠩᠬᠠᠳᠤᠭᠠᠷ ᠤᠳᠠᠭᠠᠨ ᠤ ᠭᠠᠵᠠᠷ ᠬᠠᠩᠭᠠᠬᠤ ᠶᠢ ᠬᠢᠨᠠᠨ ᠵᠥᠪᠰᠢᠶᠡᠷᠡᠬᠦ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠭᠠᠵᠠᠷ ᠰᠢᠷᠣᠶ ᠶᠢ ᠬᠠᠩᠭᠠᠬᠤ ᠬᠠᠮᠢᠶ᠎ᠠ ᠪᠥᠬᠦᠶ ᠲᠥᠰᠦᠯ ᠢ ᠬᠢᠨᠠᠨ ᠵᠥᠪᠯᠡᠵᠦ ᠪᠠᠲᠤᠯᠠᠪᠠ᠃ ᠬᠤᠰᠢᠭᠤᠨ ᠤ ᠭᠠᠵᠠᠷ ᠬᠠᠩᠭᠠᠬᠤ ᠶᠢ ᠬᠢᠨᠠᠨ ᠵᠥᠪᠰᠢᠶᠡᠷᠡᠬᠦ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠣᠷᠣᠯᠴᠠᠵᠠᠶ᠃    1 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠶᠢᠨ ᠱᠧᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠸᠧᠶ ᠮᠢᠩ ᠬᠠᠮᠲᠤ ᠪᠠᠷ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠣᠨ ᠤ ᠠᠩᠬᠠᠳᠤᠭᠠᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ᠡᠭᠡᠯᠵᠢᠲᠦ ᠬᠤᠷᠠᠯ ᠵᠢᠴᠢ ︽ᠬᠤᠶᠠᠷ ᠪᠠᠶᠠᠷ ᠬᠤᠶᠠᠷ ᠬᠤᠷᠠᠯ︾ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃    1 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠲᠦᠩ ᠭᠦᠸᠧ ᠪᠢᠶᠣᠤ ᠬᠦᠷᠢᠶᠡᠯᠡᠩ ᠲᠣᠭᠤᠷᠢᠭ ᠤᠨ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠦᠷ᠎ᠡ ᠪᠦᠲᠦᠭᠡᠯ ᠤᠨ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠪᠡᠭᠡᠵᠢᠩ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠧᠩ ᠰᠢᠶᠤᠤ ᠶᠢᠩ ᠫᠷᠤᠹᠧᠰᠰᠤᠷ᠂ ᠭᠦᠸᠧ ᠯᠢ ᠬᠤᠸᠠ ᠫᠷᠤᠹᠧᠰᠰᠤᠷ ᠲᠣᠰ ᠲᠣᠰ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠪᠠ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠦᠷ᠎ᠡ ᠪᠦᠲᠦᠭᠡᠯ ᠢᠶᠠᠨ ᠬᠠᠷᠢᠭᠤ ᠮᠡᠳᠡᠭᠦᠯᠪᠡ᠃    1 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠶᠢᠨ ᠱᠧᠩ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠲᠤᠰᠬᠠᠶ ᠳᠤᠭᠤᠶᠢᠯᠠᠩ ᠤᠨ ᠲᠣᠰ ᠬᠦᠷᠢᠶᠡᠨ ᠳᠠᠬᠢ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯᠯᠠᠭ᠎ᠠ ᠶᠢᠨ ᠶᠡᠷᠦᠩᠬᠡᠶ ᠰᠡᠳᠬᠢᠴᠡ ᠵᠢᠴᠢ ᠠᠬᠢᠴᠠ ᠶᠢᠨ ᠪᠠᠶᠢᠳᠠᠯ ᠢ ᠰᠣᠨᠣᠰᠪᠠ᠃    1 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠶᠢᠨ ᠱᠧᠩ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠤᠨ ᠲᠤᠰᠬᠠᠶ ᠠᠩᠭᠢ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠡᠯ᠎ᠡ ᠬᠠᠮᠢᠶ᠎ᠠ ᠪᠦᠬᠦᠢ ᠨᠢᠭᠡᠴᠡ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠰᠡᠳᠬᠢᠴᠡ ᠵᠢᠴᠢ ᠲᠥᠰᠦᠯ ᠢ ᠲᠣᠭᠲᠠᠭᠠᠭᠰᠠᠨ ᠪᠠᠶᠢᠳᠠᠯ ᠢ ᠰᠣᠨᠣᠰᠪᠠ᠃        2024 ᠣᠨ ᠤ 2 ᠰᠠᠷ᠎ᠠ ᠳᠤ    2 ᠰᠠᠷ᠎ᠠ ᠶᠢᠨ 1 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠶᠢᠨ ᠴᠢᠶᠠᠩ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ᠂ ᠨᠤᠲᠤᠭ ᠪᠡᠯᠴᠢᠭᠡᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ᠂ ᠂ ᠠᠲᠠᠷ ᠬᠠᠭᠠᠯᠪᠤᠷᠢᠯᠠᠬᠤ ᠶᠢ ᠴᠠᠭᠠᠵᠠᠯᠠᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃     2 ᠰᠠᠷ᠎ᠠ ᠶᠢᠨ 7 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ 2024 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠡᠷᠭᠢᠯᠡᠵᠦ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠯᠢᠦ ᠶᠢᠨ ᠱᠧᠩ᠂ ᠲᠦᠩ ᠭᠦᠸᠧ ᠪᠢᠶᠤᠤ᠂ ᠸᠠᠩ ᠶᠢᠨ ᠴᠢᠶᠠᠩ᠂ ᠯᠢ ᠸᠧᠶ ᠮᠢᠩ᠂ ᠱᠤᠸᠠᠩ ᠵᠦ ᠬᠤᠷᠠᠯ ᠳᠤ ᠣᠷᠣᠯᠴᠠᠵᠠᠶ᠃ ᠬᠤᠷᠠᠯ ᠠᠴᠠ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠰᠤᠨ ᠤ ᠴᠢᠨᠠᠷ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢᠨ ᠲᠥᠰᠦᠯ︾ ᠢ ᠬᠢᠨᠠᠨ ᠵᠥᠪᠯᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠤᠨ 2024 ᠣᠨ ᠳᠤ ᠬᠡᠷᠡᠭᠵᠢᠭᠦᠯᠦᠭᠰᠡᠨ ᠭᠤᠤᠯᠳᠠᠯᠭ᠎ᠠ ᠲᠠᠢ ᠲᠥᠷᠥᠯ ᠵᠦᠢᠯ ᠪᠠ ᠳᠡᠭᠡᠳᠦ ᠱᠠᠲᠤᠨ ᠤ ᠪᠠᠯᠠ ᠮᠥᠩᠭᠦ ᠶᠢ ᠵᠣᠯᠭᠠᠭᠤᠯᠬᠤ ᠵᠢᠴᠢ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠪᠠᠯᠠ ᠮᠥᠩᠭᠦ ᠶᠢᠨ ᠲᠥᠷᠥᠯ ᠵᠦᠢᠯ ᠤᠨ ᠬᠥᠮᠥᠷᠭᠡ ᠵᠡᠷᠭᠡ ᠶᠠᠪᠤᠳᠠᠯ ᠢ ᠰᠤᠳᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠪᠠ ᠵᠢᠵᠢᠭᠦᠷᠯᠡᠨ ᠰᠠᠬᠢᠬᠤ ᠠᠵᠢᠯ ᠢ ᠪᠠᠶᠢᠷᠢᠯᠠᠭᠤᠯᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    2 ᠰᠠᠷ᠎ᠠ ᠶᠢᠨ 26 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠦᠢᠯᠡᠴᠢᠯᠡᠭᠡᠨ ᠤ ᠦᠢᠯᠡᠰ ᠢ ᠠᠬᠢᠭᠤᠯᠬᠤ ᠴᠢᠨᠠᠷ ᠰᠠᠶᠢᠲᠠᠢ ᠬᠥᠭᠵᠢᠯᠲᠡ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠡᠷᠭᠢᠯᠡᠪᠡ᠃ ᠬᠤᠰᠢᠭᠤᠨ ᠤ ᠵᠠᠰᠠᠭ ᠤᠨ     ᠣᠷᠳᠣᠨ ᠤ    ᠳᠡᠳ᠋ ᠳᠠᠷᠤᠭ᠎ᠠ ᠸᠠᠩ ᠶᠢᠨ ᠴᠢᠶᠠᠩ᠂ ᠯᠢ ᠸᠧᠶ ᠮᠢᠩ᠂ ᠱᠤᠸᠠᠩ ᠵᠦ ᠬᠤᠷᠠᠯ ᠳᠤ ᠣᠷᠣᠯᠴᠠᠵᠠᠶ᠃ ᠬᠤᠷᠠᠯ ᠠᠴᠠ ᠲᠦᠩᠯᠢᠶᠣᠤ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠬᠡᠷᠡᠭᠵᠢᠭᠦᠯᠬᠦ ᠰᠠᠨᠠᠯ︾ ᠢ ᠰᠤᠳᠤᠯᠤᠨ ᠶᠠᠷᠢᠯᠴᠠᠪᠠ᠃       2024 ᠣᠨ ᠤ 3 ᠰᠠᠷ᠎ᠠ ᠳᠤ    3 ᠰᠠᠷ᠎ᠠ ᠶᠢᠨ 4 ᠤ ᠡᠳᠦᠷ᠂ ᠬᠤᠰᠢᠭᠤᠨ ᠤ ᠡᠮᠡᠭᠲᠡᠶᠢᠴᠦᠳ ᠬᠡᠤᠬᠡᠳ ᠤᠨ ᠠᠵᠢᠯ ᠤᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠡᠮᠡᠭᠲᠡᠶᠢᠴᠦᠳ ᠬᠡᠤᠬᠡᠳ ᠤᠨ ᠠᠵᠢᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠬᠥᠬᠢᠭᠦᠯᠦᠯ ᠭᠥᠷᠳᠡᠭᠰᠡᠨ ᠨᠢᠭᠡᠴᠡ ᠪᠠ ᠬᠤᠪᠢ ᠬᠥᠮᠦᠨ ᠤ ᠲᠥᠯᠥᠭᠡᠯᠡᠭᠴᠢ ᠬᠤᠷᠠᠯ ᠳᠤ ᠣᠷᠣᠯᠴᠠᠵᠤ᠂ ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠡᠮᠡᠭᠲᠡᠶᠢᠴᠦᠳ ᠬᠡᠤᠬᠡᠳ ᠤᠨ ᠠᠵᠢᠯ ᠤᠨ ᠲᠤᠬᠠᠶ ᠴᠢᠬᠤᠯᠠ ᠵᠢᠭᠠᠪᠤᠷᠢ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠡᠮᠡᠭᠲᠡᠶᠢᠴᠦᠳ ᠤᠨ ᠠᠵᠢᠯ ᠤᠨ ᠬᠤᠷᠠᠯ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠡᠮᠡᠭᠲᠡᠶᠢᠴᠦᠳ ᠬᠡᠤᠬᠡᠳ ᠤᠨ ᠠᠵᠢᠯ ᠤᠨ ᠬᠤᠷᠠᠯ ᠪᠠ ᠪᠥᠬᠦ ᠬᠤᠲᠠ ᠶᠢᠨ ᠡᠮᠡᠭᠲᠡᠶᠢᠴᠦᠳ ᠬᠡᠤᠬᠡᠳ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠮᠡᠭᠲᠡᠶᠢᠴᠦᠳ ᠬᠡᠤᠬᠡᠳ ᠤᠨ ᠬᠥᠭᠵᠢᠯᠲᠡ ᠶᠢᠨ ᠬᠥᠲᠥᠯᠪᠦᠷᠢ ᠶᠢ ᠬᠡᠷᠡᠭᠵᠢᠭᠦᠯᠦᠭᠰᠡᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠭᠰᠡᠨ ᠪᠥᠭᠡᠳ ᠬᠤᠷᠴᠢᠨ ᠵᠡᠭᠦᠨ ᠭᠠᠷᠤᠨ ᠬᠤᠶᠢᠲᠤ    ᠬᠤᠰᠢᠭᠤᠨ     ᠤ ᠡᠮᠡᠭᠲᠡᠶᠢᠴᠦᠳ ᠬᠡᠤᠬᠡᠳ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠡᠷᠢᠭᠦᠨ ᠤ ᠬᠠᠮᠲᠤ ᠪᠠ ᠲᠡᠷᠢᠭᠦᠨ    ᠤ ᠬᠤᠪᠢ   ᠬᠥᠮᠦᠨ ᠢ ᠬᠥᠬᠢᠭᠦᠯᠦᠨ ᠰᠠᠶᠢᠰᠢᠶᠠᠪᠠ᠃    3 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ᠂ ᠳᠤᠮᠳᠠᠳᠤ ᠤᠯᠤᠰ ᠤᠨ ᠲᠡᠮᠦᠷ ᠵᠠᠮ ᠤᠨ ᠬᠤᠷᠢᠨ ᠭᠤᠷᠪᠠᠳᠤᠭᠠᠷ ᠲᠣᠪᠴᠢᠶ᠎ᠠ ᠶᠢᠨ ᠪᠦᠯᠦᠭᠯᠡᠯ ᠤᠨ ᠬᠤᠶᠠᠳᠤᠭᠠᠷ ᠢᠨᠵᠧᠨᠧᠷᠢᠩ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ     ᠶᠢᠨ ᠠᠮᠢ ᠠᠬᠤᠶ ᠣᠷᠴᠢᠨ ᠲᠣᠭᠤᠷᠢᠨ ᠤ ᠬᠢᠵᠠᠭᠠᠷᠲᠤ ᠺᠣᠮᠫᠠᠨᠢ᠂ ᠵᠢᠨᠠᠨ ᠤ ᠫᠠᠨ ᠰᠢᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠵᠡᠷᠭᠡ ᠣᠯᠠᠨ ᠠᠵᠤ ᠠᠬᠤᠶᠢᠯᠠᠯ ᠲᠠᠢ ᠵᠣᠯᠭᠠᠭᠤᠯᠤᠨ ᠵᠥᠪᠳᠡᠯᠴᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠲᠦᠩ ᠭᠦᠸᠧ ᠪᠢᠶᠣᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠤᠨ ᠳᠠᠷᠠᠭ᠎ᠠ᠂ ᠭᠦᠸᠧ ᠲᠢᠶᠠᠨ ᠪᠦᠦ᠂ ᠲᠦᠩ ᠭᠦᠸᠧ ᠪᠢᠶᠤᠤ ᠲᠣᠰ ᠲᠣᠰ ᠠᠵᠤ ᠠᠬᠤᠶᠢᠯᠠᠯ ᠲᠠᠢ ᠪᠠᠯᠠ ᠣᠷᠣᠭᠤᠯᠤᠯᠲᠠ ᠶᠢᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃    3 ᠰᠠᠷ᠎ᠠ ᠶᠢᠨ 7 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠡᠷᠭᠢᠯᠡᠵᠦ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠯᠢᠦ ᠶᠢᠨ ᠱᠧᠩ᠂ ᠶᠠᠩ ᠧᠨ ᠵᠧᠨ᠂ ᠲᠦᠩ ᠭᠦᠸᠧ ᠪᠢᠶᠤᠤ᠂ ᠯᠢ ᠶᠠᠨ ᠬᠤᠸᠠ᠂ ᠰᠢᠶᠠᠩ ᠭᠦᠸᠧ ᠸᠧᠶ᠂ ᠱᠤᠸᠠᠩ ᠵᠣ᠋᠂ ᠲᠤᠤ ᠵᠧᠩ ᠯᠢᠶᠠᠩ ᠬᠤᠷᠠᠯ ᠳᠤ ᠣᠷᠣᠯᠴᠠᠵᠤ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠦᠷᠢᠨᠵᠢᠷᠭᠠᠯ ᠬᠤᠷᠠᠯ ᠳᠤ ᠰᠤᠯᠠ ᠣᠷᠣᠯᠴᠠᠵᠠᠶ᠃ ᠬᠤᠷᠠᠯ ᠠᠴᠠ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠲᠥᠰᠦᠯ᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠰᠠᠨᠠᠯ︾ ᠵᠢᠴᠢ ︽2024 ᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠰᠢᠷᠢᠰ ᠠᠵᠢᠯ ᠤᠨ ᠲᠥᠰᠦᠯ︾ ᠢ ᠬᠢᠨᠠᠨ ᠵᠥᠪᠯᠡᠵᠦ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠢ ᠵᠡᠷᠭᠡ ᠬᠦᠷᠢᠶᠡᠨ ᠤ ᠲᠦᠷᠦᠯ ᠵᠦᠢᠯ ᠢ ᠰᠤᠳᠤᠯᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   3 ᠰᠠᠷ᠎ᠠ ᠶᠢᠨ 9 ᠤ ᠦᠳᠡ ᠶᠢᠨ ᠬᠤᠶᠢᠨ᠎ᠠ᠂ ᠲᠦᠩᠯᠢᠶᠣᠤ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠠᠨᠢᠯᠴᠠᠭᠤᠯᠭ᠎ᠠ ᠪᠠᠷ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ ᠦᠢᠯᠡᠳᠪᠦᠷᠢᠯᠡᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠵᠧᠵᠢᠶᠠᠩ ᠮᠤᠵᠢ ᠶᠢᠨ ᠸᠧᠨᠵᠧᠦ ᠬᠤᠲᠠ ᠳᠤ ᠶᠠᠪᠤᠭᠳᠠᠪᠠ᠃ ᠲᠣᠰ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠳᠤ 4.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠮᠠᠨ ᠤ ᠬᠤᠲᠠ ᠶᠢᠨ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ  ᠦᠢᠯᠡᠳᠬᠦ ᠦᠢᠯᠡᠰ ᠤᠨ ᠳᠤᠲᠠᠭᠤᠳᠠᠯ ᠢ ᠨᠥᠬᠦᠪᠥᠷᠢᠯᠡᠵᠦ᠂ ᠡᠬᠢ ᠰᠤᠷᠪᠤᠯᠵᠢ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠤᠭᠰᠠᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ ᠳᠠᠶᠢᠴᠢᠯᠠᠬᠤ ᠪᠣᠯᠣᠨ᠎ᠠ᠃ ᠲᠦᠩᠯᠢᠶᠣᠤ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠰᠢᠤᠢ ᠬᠤᠤ ᠲᠤᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠭᠦᠸᠧ ᠲᠢᠶᠠᠨ ᠪᠦᠦ᠂ ᠵᠧᠵᠢᠶᠠᠩ ᠤᠨ ᠶᠦᠨ ᠳ᠋ᠡ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠵᠥᠪᠯᠡᠭᠴᠢ ᠢᠦᠶ ᠸᠧᠶ ᠵᠧ᠂ ᠡᠬᠢ ᠪᠠᠶᠠᠯᠢᠭ ᠤᠨ ᠨᠡᠭᠡᠭᠡᠯᠲᠡ ᠶᠢᠨ ᠬᠡᠯᠲᠡᠰ ᠤᠨ ᠶᠡᠷᠦᠩᠬᠡᠶ ᠳᠠᠭᠠᠭᠠᠮᠠᠯ ᠴᠧᠨ ᠮᠢᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠪᠠᠷ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃    3 ᠰᠠᠷ᠎ᠠ ᠶᠢᠨ 15 ᠤ ᠡᠳᠦᠷ᠂ ᠬᠤᠰᠢᠭᠤᠨ      ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ 2024 ᠣᠨ ᠤ ᠠᠩᠬᠠᠳᠤᠭᠠᠷ ᠬᠤᠭᠤᠴᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ     ᠲᠥᠯᠥᠪᠵᠢᠭᠦᠯᠭᠡ ᠶᠢᠨ      ᠵᠥᠪᠯᠡᠯ ᠤᠨ ᠲᠦᠷᠢᠮ︾ ᠢ ᠬᠢᠨᠠᠨ ᠵᠥᠪᠯᠡᠵᠦ ᠪᠠᠲᠤᠯᠠᠨ᠂ ᠲᠥᠷᠥᠯ      ᠵᠦᠢᠯ ᠢ ᠵᠢᠷᠤᠵᠤ ᠲᠥᠯᠥᠪᠯᠡᠬᠦ ᠨᠢᠭᠡᠴᠢ ᠶᠢᠨ ︽ᠵᠢᠦ ᠴᠢᠩ ᠯᠢ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ︾ ᠵᠡᠷᠭᠡ 7 ᠲᠥᠯᠥᠪᠵᠢᠭᠦᠯᠭᠡ ᠶᠢᠨ ᠲᠥᠰᠦᠯ ᠢ ᠰᠣᠨᠣᠰᠴᠤ ᠪᠠᠲᠤᠯᠠᠪᠠ᠃    3 ᠰᠠᠷ᠎ᠠ ᠶᠢᠨ 20 ᠤ ᠦᠳᠡ ᠶᠢᠨ ᠡᠮᠦᠨ᠎ᠡ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠰᠢᠶᠤᠤ ᠶᠠᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠤ᠋ ᠢᠦᠶ ᠰᠢᠨ ᠲᠣᠰ ᠲᠣᠰ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠶ᠋ᠴᠡᠳᠬᠡᠬᠦ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠳᠤ ᠪᠣᠳᠠᠲᠠᠶ ᠱᠠᠭᠠᠷᠳᠠᠯᠭ᠎ᠠ ᠳᠤᠷᠠᠳᠴᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢᠦ ᠶᠢᠨ ᠱᠧᠩ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ 46 ᠳᠠᠭᠠᠭᠠᠨ ᠬᠦᠢᠴᠡᠳᠭᠡᠬᠦ ᠨᠢᠭᠡᠴᠢ ᠳᠤ 2024 ᠣᠨ ᠤ ᠠᠷᠠᠳ ᠤᠨ       ᠲᠥᠯᠥᠭᠡᠯᠡᠭᠴᠢᠳ ᠤᠨ ᠰᠠᠨᠠᠭᠤᠯᠭ᠎ᠠ 73 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ 147 ᠬᠤᠪᠢ᠂ ᠬᠤᠰᠢᠭᠤᠨ ᠤ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ  ᠵᠦᠢᠯ 7 ᠪᠣᠯᠪᠠ᠃     3 ᠰᠠᠷ᠎ᠠ ᠶᠢᠨ 26 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠤᠰᠢᠭᠤᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠰᠢᠭᠤᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ ᠬᠤᠷᠠᠯ ᠠᠴᠠ ᠪᠥᠬᠦ ᠬᠤᠰᠢᠭᠤᠨ ᠤ ᠠᠵᠤ ᠠᠬᠤᠶ ᠶᠢ ᠲᠦᠭᠡᠮᠡᠯᠵᠢᠭᠦᠯᠬᠦ ᠠᠵᠢᠯ ᠤᠨ     ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ     ᠰᠣᠨᠣᠰᠤᠭᠰᠠᠨ    ᠪᠥᠭᠡᠳ    ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠪᠠ᠃    3 ᠰᠠᠷ᠎ᠠ ᠶᠢᠨ 27 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠬᠤᠷᠠᠯ ᠵᠢᠴᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ︽ᠮᠢᠩᠭᠠᠨ ᠲᠣᠰᠬᠤᠨ ᠢ ᠬᠠᠮᠤᠷᠬᠤ︾ ᠢᠨᠵᠧᠨᠧᠷᠢᠩ ᠤᠨ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠠᠴᠠ 2023 ᠣᠨ ᠤ ᠪᠥᠬᠦ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠳ᠋ᠦᠩᠨᠡᠵᠦ᠂ 2024 ᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ᠲᠠᠯᠠᠪᠠᠶ᠂ ᠭᠠᠨᠵᠤᠭ᠎ᠠ ᠨᠡᠶᠢᠭᠡᠮ ᠲᠣᠭᠤᠷᠢᠭ ᠤᠨ ᠦᠶ᠋ᠯᠡᠴᠢᠯᠡᠭᠡᠨ ᠤ ᠲᠥᠪ ᠤᠨ ᠵᠠᠰᠠᠭ ᠵᠠᠬᠢᠷᠭᠠᠨ ᠤ ᠭᠤᠤᠯ ᠬᠠᠷᠢᠭᠤᠴᠠᠯᠭᠠᠲᠠᠨ ᠵᠢᠴᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠤᠰᠢᠶᠠᠯᠲᠠᠨ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠠᠴᠠ ᠳᠡᠭᠡᠭᠰᠢᠬᠢ ᠺᠠᠳ᠋ᠷᠴᠤᠳ ᠬᠤᠷᠠᠯ ᠳᠤ ᠣᠷᠣᠯᠴᠠᠵᠠᠶ᠃    3 ᠰᠠᠷ᠎ᠠ ᠶᠢᠨ 28 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠥᠬᠦ ᠬᠤᠰᠢᠭᠤᠨ ᠤ 12345 ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠷᠠᠯ ᠠᠴᠠ ᠣᠳᠣᠬᠠᠨ ᠤ 12345 ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ ᠢ ᠮᠡᠳᠡᠭᠳᠡᠭᠰᠡᠨ ᠪᠥᠭᠡᠳ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠶᠢ ᠲᠦᠷᠭᠡᠳᠬᠡᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢᠦ ᠶᠢᠨ ᠱᠧᠩ ᠵᠢᠴᠢ ᠬᠠᠮᠢᠶ᠎ᠠ ᠪᠥᠬᠦᠶ ᠭᠠᠵᠠᠷ ᠣᠷᠣᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠣᠷᠣᠯᠴᠠᠵᠠᠶ᠃
 
ᠢᠷᠡᠯᠲᠡ᠄ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号