ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠥᠮᠦᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/4/16
   ᠺᠠᠳ᠋ᠷ ᠤᠨ ᠴᠢᠳᠠᠪᠤᠷᠢ  ᠶᠢ ᠪᠦᠬᠦ ᠲᠠᠯ᠎ᠠ ᠪᠠᠷ ᠲᠡᠭᠡᠭᠰᠢᠯᠡᠬᠦᠯᠪᠡ ᠃ ᠠᠵᠢᠯᠲᠠᠨ ᠳᠤ ᠲᠤᠬᠢᠷᠠᠮᠵᠢᠳᠠᠢ ᠠᠵᠢᠯ ᠤᠨ ᠪᠠᠶᠢᠷᠢ ᠲᠣᠬᠢᠷᠠᠭᠤᠯᠬᠤ ᠵᠠᠷᠴᠢᠮ ᠶᠣᠰᠣᠭᠠᠷ᠂ ᠡᠯ᠎ᠡ ᠲᠠᠰᠤᠭ ᠤᠨ ᠠᠵᠢᠯᠲᠠᠨ ᠢ ᠡᠬᠡᠯᠵᠢᠯᠡᠨ ᠲᠤᠬᠢᠷᠠᠭᠤᠯᠵᠥ᠂ ᠬᠠᠮᠳᠤ  ᠳᠤᠨᠢ᠂ ᠲᠤᠬᠠᠶᠢᠯᠠᠭᠰᠠᠨ ᠠᠵᠢᠯ ᠤᠨ ᠲᠣᠪᠴᠢᠶᠠᠨ ᠳᠠᠷᠤᠭ᠎ᠠ ᠲᠤᠰᠬᠠᠶ ᠮᠡᠷᠭᠡᠵᠢᠯ ᠤᠨ ᠺᠠᠳ᠋ᠷ ᠲᠠᠢ ᠬᠠᠮᠲᠤᠷᠠᠨ ᠠᠯᠪᠠᠯᠠᠵᠥ᠂ ᠠᠬᠠᠮᠠᠳ ᠨᠢ   ᠰᠢᠨ᠎ᠡ   ᠶᠢ    ᠲᠠᠭᠠᠭᠤᠯᠬᠤ ᠂   ︽ᠪᠠᠷᠢᠯᠳᠤᠨ ᠲᠤᠰᠠᠯᠠᠬᠤ︾ ᠵᠡᠷᠭᠡ   ᠠᠷᠭ᠎ᠠ   ᠮᠠᠶ᠋ᠢᠭ ᠢᠶᠠᠷ ᠵᠠᠯᠠᠭᠤ ᠺᠠᠳ᠋ᠷ ᠢ ᠠᠵᠢᠯ ᠲᠦᠷᠦᠯ ᠤᠨ ᠭᠠᠷᠮᠠᠭᠠᠶᠢᠳᠠᠨ ᠪᠤᠯᠭᠠᠨ  ᠬᠦᠮᠦᠵᠢᠬᠦᠯᠪᠡ ᠃    ᠦᠢᠯᠡᠳᠦᠯᠭᠡ ᠶᠢᠨ   ᠲᠤᠮᠳᠠ   ᠵᠠᠯᠠᠭᠤ    ᠺᠠᠳ᠋ᠷ    ᠤᠨ ᠠᠮᠢᠵᠢᠷᠠᠯ ᠤᠨ ᠬᠦᠴᠦᠨ ᠢ ᠬᠦᠭᠵᠢᠭᠡᠪᠡ ᠃ ︽ᠨᠢᠭᠡ   ᠭᠠᠷᠠᠭ   ᠲᠤ   ᠨᠢᠭᠡ    ᠪᠢᠴᠢᠯ ᠬᠢᠴᠢᠶᠡᠯ ᠤᠨ ᠲᠠᠩᠬᠢᠮ︾᠂ ︽ᠨᠢᠭᠡ ᠰᠠᠷ᠎ᠠ ᠳᠤ ᠨᠢᠭᠡ ᠲᠠᠰᠤᠭ ᠤᠨ ᠲᠠᠷᠤᠭ᠎ᠠ ᠲᠤᠬᠠᠶᠢᠯᠠᠬᠰᠠᠨ ᠠᠵᠢᠯ ᠶᠠᠷᠢᠬᠤ︾᠂ ︽ᠨᠢᠭᠡ ᠤᠯᠠᠷᠢᠯ ᠳᠤ ᠨᠢᠭᠡ  ᠪᠦᠷᠢᠳᠭᠡᠯ ᠤᠨ ᠵᠠᠳᠠᠯᠤᠯᠳᠠ ᠬᠢᠬᠦ ︾ ᠶᠢ ᠥᠷᠨᠢᠭᠦᠯᠵᠦ᠂ ᠺᠠᠳ᠋ᠷᠴᠤᠳ ᠤᠨ ᠲᠤᠭ᠎ᠠ ᠪᠦᠷᠢᠳᠭᠡᠬᠦ᠂ ᠶᠠᠷᠢᠵᠥ ᠲᠠᠶᠢᠯᠪᠤᠷᠢᠯᠠᠵᠥ ᠴᠢᠳᠠᠬᠤ ᠂ ᠵᠠᠳᠠᠯᠤᠯᠲᠠ   ᠬᠢᠵᠦ   ᠴᠢᠳᠠᠬᠤ    ᠪᠤᠯᠭᠠᠪᠠ᠃ ᠣᠲᠣ     ᠪᠣᠯᠲᠠᠯ᠎ᠠ᠂ ᠨᠢᠭᠡᠨᠲᠡ 31 ᠬᠤᠭᠤᠴᠠᠭᠠᠨ ᠤ ᠲᠤᠭ᠎ᠠ ᠪᠦᠷᠢᠳᠬᠡᠯ ᠤᠨ ᠪᠢᠴᠢᠯ ᠬᠢᠴᠢᠶᠡᠯ ᠤᠨ ᠲᠠᠩᠬᠢᠮ ᠨᠡᠭᠡᠭᠡᠪᠡ ᠃      ᠣᠯᠠᠨ ᠶᠠᠩᠵᠤᠵᠢᠯᠠᠬᠰᠠᠨ ᠠᠵᠢᠯᠯᠠᠭ᠎ᠠ ᠪᠠᠷ ᠺᠠᠳ᠋ᠷ ᠤᠨ ᠰᠢᠨ᠎ᠡ ᠶᠢ ᠡᠭᠦᠳᠬᠦ ᠺᠠᠳ᠋ᠷ ᠤᠨ  ᠬᠦᠳᠡᠯᠭᠡᠭᠴᠢ ᠬᠦᠴᠦᠨ ᠪᠤᠯᠭᠠᠪᠠ᠃ ᠡᠯ᠎ᠡ ᠲᠥᠷᠥᠯ ᠤᠨ ᠳᠤᠷ᠎ᠠ ᠰᠣᠨᠢᠷᠬᠠᠯ ᠤᠨ ᠠᠵᠢᠯᠯᠠᠭ᠎ᠠ ᠶᠢ ᠥᠷᠨᠢᠭᠦᠯᠬᠦ᠂ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠠᠵᠢᠯ ᠤᠨ ᠪᠠᠶᠢᠷᠢ ᠶᠢ ᠪᠠᠶᠢᠭᠤᠯᠬᠤ᠂ ᠲᠡᠷᠢᠭᠦᠨ ᠤ ᠬᠤᠪᠢ ᠬᠥᠮᠦᠨ ᠢ ᠰᠢᠯᠭᠠᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠺᠠᠳ᠋ᠷ    ᠠᠵᠢᠯᠲᠠᠨ   ᠠᠵᠢᠯᠴᠢᠨ ᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠨᠢᠭᠲᠠᠷᠠᠬᠤ᠂ ᠬᠠᠮᠲᠤ ᠪᠠᠷ ᠳᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠩᠭᠠᠷᠠᠭᠤᠯᠵᠤ᠂ ᠨᠡᠶᠢᠲᠡ 3 ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠠᠵᠢᠯ ᠤᠨ ᠪᠠᠶᠢᠷᠢ ᠭᠠᠷᠭᠠᠵᠤ᠂ 10   ᠣᠳᠣᠨ    ᠲᠡᠰ ᠤᠨ    ᠲᠡᠷᠢᠭᠦᠨ ᠤ ᠬᠤᠪᠢ ᠬᠥᠮᠦᠨ ᠢ ᠰᠢᠯᠭᠠᠷᠠᠭᠤᠯᠵᠤ᠂   1  ᠬᠦᠮᠦᠨ ︽ᠳᠡᠷᠭᠡᠳᠡᠬᠢ ᠥᠯᠢᠭᠡᠷ ᠳᠠᠭᠤᠷᠢᠶᠠᠯ︾  ᠪᠠᠷ ᠪᠠᠳᠤᠯᠠᠬᠳᠠᠪᠠ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号