ᠪᠠᠶᠢᠩᠭᠤ ᠶᠢᠨ ᠵᠢᠭᠰᠠᠭᠠᠨ ᠪᠠᠶᠢᠴᠠᠭᠠᠵᠤ ᠰᠤᠷᠪᠤᠯᠵᠢᠯᠠᠬᠤ ᠳᠦᠷᠢᠮ ᠢ ᠴᠢᠩᠭᠠᠳᠬᠠᠪᠠ ᠃ | ᠬᠠᠷᠢᠶ᠎ᠠ ᠣᠷᠣᠨ ᠤ ᠳᠣᠲᠣᠷᠠᠬᠢ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠵᠢᠴᠢ ᠭᠡᠷ ᠪᠦᠯᠢ᠂ ᠬᠥᠷᠰᠢ | ᠵᠡᠷᠭᠡᠯᠡᠳᠡᠭᠡ ᠲᠣᠰᠬᠤᠨ ᠤ ᠺᠠᠳ᠋ᠷ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠤᠷᠪᠤᠯᠵᠢᠯᠠᠵᠤ᠂ | ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠪᠣᠳᠠᠲᠠᠶ ᠪᠠᠶᠢᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠭᠠᠪᠠ | ᠃ ᠵᠢᠯ ᠤᠨ ᠡᠬᠢᠨ ᠠᠴᠠ ᠨᠠᠰᠢ᠂ ᠡᠳᠦᠷ ᠲᠤᠲᠤᠮ ᠤᠨ ᠰᠤᠷᠪᠤᠯᠵᠢᠯᠠᠬᠤ ᠬᠥᠮᠦᠵᠢᠯ ᠢ 21 ᠤᠳᠠᠭ᠎ᠠ ᠥᠷᠨᠢᠭᠦᠯᠵᠦ᠂ | 5 ᠤᠳᠠᠭ᠎ᠠ ᠴᠢᠭᠯᠡᠭᠦᠯᠬᠦ ᠴᠢᠨᠠᠷᠲᠠᠶ ᠪᠠᠷ ᠰᠤᠷᠪᠤᠯᠵᠢᠯᠠᠪᠠ᠃ | ᠣᠨᠣᠪᠴᠢᠲᠠᠢ ᠲᠥᠷᠥᠯ ᠬᠤᠪᠢᠶᠠᠨ ᠬᠠᠮᠢᠶᠠᠷᠬᠤ ᠳᠦᠷᠢᠮ ᠢ ᠴᠢᠩᠭᠠᠳᠬᠠᠪᠠ ᠃ ᠨᠡᠶᠢᠭᠡᠮ ᠲᠣᠭᠤᠷᠢᠭ ᠤᠨ | ᠵᠠᠯᠠᠷᠠᠭᠤᠯᠬᠤ ᠡᠲᠡᠭᠡᠳ ᠤᠨ ᠠᠳᠠᠯᠢ ᠪᠤᠰᠤ ᠪᠠᠶᠢᠳᠠᠯ ᠢ ᠦᠨᠳᠦᠰᠦᠯᠡᠨ᠂ ᠴᠢᠭᠯᠡᠭᠦᠯᠬᠦ ᠴᠢᠨᠠᠷᠲᠠᠶ ᠵᠠᠯᠠᠷᠠᠭᠤᠯᠬᠤ | ᠲᠥᠰᠦᠯ ᠢ ᠲᠣᠭᠲᠠᠭᠠᠵᠤ᠂ ᠲᠥᠷᠥᠯ ᠬᠤᠪᠢᠶᠠᠨ ᠬᠠᠮᠢᠶᠠᠷᠴᠤ᠂ ᠢᠯᠭᠠᠨ ᠵᠠᠯᠠᠷᠠᠭᠤᠯᠪᠠ᠃ ᠵᠢᠯ ᠤᠨ ᠡᠬᠢᠨ ᠠᠴᠠ | ᠨᠠᠰᠢ᠂ ᠰᠡᠳᠬᠢᠴᠡ ᠶᠢᠨ ᠵᠥᠪᠯᠡᠯᠭᠡ ᠥᠭᠴᠦ ᠵᠠᠯᠠᠷᠠᠭᠤᠯᠬᠤ ᠠᠵᠢᠯ ᠢ 1 ᠤᠳᠠᠭ᠎ᠠ᠂ ᠣᠨᠴᠠ ᠵᠠᠷᠢᠮ ᠰᠤᠷᠭᠠᠨ | ᠬᠥᠮᠦᠵᠢᠯ ᠢ 13 ᠤᠳᠠᠭ᠎ᠠ ᠂ ᠲᠦᠪᠯᠡᠷᠡᠩᠬᠦᠢ ᠬᠦᠮᠦᠵᠢᠯ ᠢ 3 ᠤᠳᠠᠭ᠎ᠠ ᠂ ᠬᠠᠮᠲᠤ ᠨᠡᠶᠢᠲᠡ ᠶᠢᠨ | ᠠᠰᠠᠷᠠᠮᠵᠢ ᠶᠢᠨ ᠬᠥᠳᠡᠯᠮᠦᠷᠢ ᠶᠢ 3 ᠤᠳᠠᠭ᠎ᠠ ᠥᠷᠨᠢᠭᠦᠯᠪᠡ᠃ | ᠬᠢᠨᠠᠨ ᠬᠠᠮᠢᠶᠠᠷᠬᠤ ᠬᠤᠭᠤᠴᠠᠭ᠎ᠠ ᠰᠠᠷ᠎ᠠ ᠶᠢᠨ ᠰᠤᠷᠪᠤᠯᠵᠢᠯᠠᠬᠤ ᠳᠦᠷᠢᠮ ᠢ ᠴᠢᠩᠭᠠᠳᠬᠠᠪᠠ᠃ ᠨᠡᠶᠢᠭᠡᠮ | ᠲᠣᠭᠤᠷᠢᠭ ᠤᠨ ᠵᠠᠯᠠᠷᠠᠭᠤᠯᠬᠤ ᠡᠲᠡᠭᠡᠳ ᠢ ᠴᠢᠩᠭ᠎ᠠ ᠬᠠᠮᠢᠶᠠᠷᠬᠤ ᠪᠠ ᠨᠡᠶᠢᠭᠡᠮ ᠲᠣᠭᠤᠷᠢᠭ ᠤᠨ ᠡᠩ ᠤᠨ | ᠬᠠᠮᠢᠶᠠᠷᠤᠯᠲᠠ ᠬᠢᠬᠦ ᠡᠲᠡᠭᠡᠳ ᠲᠤ ᠰᠠᠷ᠎ᠠ ᠶᠢᠨ ᠰᠤᠷᠪᠤᠯᠵᠢᠯᠠᠭ᠎ᠠ ᠬᠢᠬᠦ ᠪᠠᠷ ᠳᠠᠮᠵᠢᠭᠤᠯᠤᠨ᠂ ᠬᠢᠨᠠᠯᠲᠠ | ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠬᠥᠮᠦᠨ ᠳᠤ | ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠪᠠ ᠃ | |