| ᠲᠣᠰ ᠪᠠᠯᠭᠠᠰᠤ ᠠᠮᠢ ᠠᠬᠤᠶ ᠶᠢᠨ ᠠᠵᠤ ᠦᠶᠢᠯᠡᠰᠵᠢᠯᠲᠡ ᠪᠠ ᠠᠵᠤ ᠦᠢᠯᠡᠰ ᠤᠨ ᠠᠮᠢ ᠠᠬᠤᠶᠢᠵᠢᠯᠲᠠ ᠶᠢ | ᠪᠠᠷᠢᠮᠲᠠᠯᠠᠵᠤ᠂ ᠦᠢᠯᠡᠴᠢᠯᠡᠭᠡᠨ ᠤ ᠪᠠᠲᠤᠯᠠᠭ᠎ᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠡᠷᠭᠡ ᠠᠷᠭ᠎ᠠ | ᠬᠡᠮᠵᠢᠶ᠎ᠡ ᠶᠢ ᠴᠢᠩᠭᠠᠳᠬᠠᠨ᠂ ᠮᠠᠯᠴᠢᠨ ᠲᠠᠷᠢᠶᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠵᠢᠢ ᠰᠢᠨ ᠬᠦᠸᠧ | ᠢᠶᠠᠷ ᠭᠤᠤᠯ ᠪᠣᠯᠭᠠᠭᠰᠠᠨ ᠠᠵᠤ ᠠᠬᠤᠶ ᠶᠢᠨ ᠣᠶ ᠵᠢᠮᠢᠰ ᠤᠨ ᠠᠵᠤ ᠦᠶ᠋ᠯᠡᠰ ᠢ ᠬᠥᠭᠵᠢᠭᠦᠯᠵᠦ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠪᠡ᠃ 2024 ᠣᠨ ᠳᠤ᠂ ᠵᠢᠷᠭᠠᠯᠠᠩ | ᠪᠠᠯᠭᠠᠰᠤ ᠵᠢᠢ ᠰᠢᠨ ᠬᠦᠸᠧ ᠵᠢᠮᠢᠰ ᠤᠨ ᠲᠠᠷᠢᠮᠠᠯ ᠤᠨ ᠲᠠᠯᠠᠪᠠᠢ ᠶᠢ 1450 ᠮᠦ ᠣᠷᠴᠢᠮ ᠳᠤ ᠬᠦᠷᠭᠡᠨ᠎ᠡ᠃ | ᠨᠢᠭᠡ ᠳᠤ᠂ ᠬᠤᠷᠰᠢᠶᠠᠵᠢᠯ ᠬᠥᠲᠥᠯᠥᠨ ᠳᠠᠭᠠᠭᠤᠯᠤᠨ᠎ᠠ᠃ ᠣᠲᠣ ᠶᠢᠨ ᠪᠠᠶᠢᠭ᠎ᠠ ᠪᠥᠸᠧ ᠶᠤᠸᠠᠨ ᠲᠠᠷᠢᠶᠠᠯᠠᠩ | ᠮᠠᠯ ᠠᠵᠤ ᠠᠬᠤᠶ ᠶᠢᠨ ᠦᠢᠯᠡᠰ ᠤᠨ ᠬᠠᠮᠲᠤᠷᠠᠯᠴᠠᠭ᠎ᠠ ᠳᠤ ᠲᠦᠰᠢᠭᠯᠡᠨ ᠡᠷᠬᠢᠨ ᠲᠣᠭᠤᠷᠢᠨ ᠤ ᠮᠠᠯᠵᠢᠬᠤ ᠲᠠᠷᠢᠶᠠᠯᠠᠬᠤ | ᠡᠷᠦᠬᠡ ᠶᠢ ᠳᠠᠭᠠᠭᠤᠯᠤᠨ ᠵᠢᠢ ᠰᠢᠨ ᠬᠦᠸᠧ ᠵᠢᠮᠢᠰ ᠤᠨ ᠮᠣᠳᠣ ᠳᠠᠷᠢᠵᠤ᠂ ᠮᠡᠷᠭᠡᠵᠢᠯ ᠵᠢᠴᠢ ᠪᠣᠷᠣᠯᠠᠭᠤᠯᠬᠤ | ᠭᠤᠭᠴᠤᠭ᠎ᠠ ᠳᠤ ᠲᠥᠬᠦᠮ ᠦᠵᠡᠭᠦᠯᠵᠦ᠂ ᠣᠯᠠᠨ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ | ᠪᠠᠶᠠᠵᠢᠭᠤᠯᠤᠨ᠎ᠠ᠃ ᠪᠥᠸᠧ ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠬᠤᠷᠰᠢᠶᠠᠵᠢᠯ ᠤᠨ ᠵᠢᠢ | ᠰᠢᠨ ᠬᠦᠸᠧ ᠵᠢᠮᠢᠰ ᠤᠨ ᠮᠣᠳᠣ 400 ᠮᠥ ᠪᠠᠶᠢᠵᠤ᠂ ᠨᠢᠳᠤᠨᠤᠨ ᠤ ᠵᠢᠢ ᠰᠢᠨ ᠬᠦᠸᠧ ᠵᠢᠮᠢᠰ ᠤᠨ | ᠪᠣᠷᠣᠯᠠᠭᠤᠯᠭ᠎ᠠ ᠶᠢᠨ ᠬᠡᠮᠵᠢᠶ᠎ᠡ ᠨᠢ 160 ᠭᠠᠷᠤᠶ ᠲᠦᠮᠡᠨ ᠲᠥᠭᠦᠷᠢᠭ ᠲᠤ ᠬᠦᠷᠴᠦ᠂ ᠡᠷᠦᠬᠡ ᠪᠦᠷᠢ ᠶᠢᠨ | ᠭᠡᠰᠢᠭᠦᠳ ᠤᠨ ᠠᠰᠢᠭ ᠣᠷᠣᠯᠭ᠎ᠠ 10 ᠲᠦᠮᠡᠨ ᠲᠥᠭᠦᠷᠢᠭ ᠠᠴᠠ ᠳᠡᠭᠡᠭᠰᠢ ᠬᠦᠷᠪᠡ᠃ | ᠬᠤᠶᠠᠷ ᠲᠤ᠂ ᠲᠣᠰᠬᠤᠨ ᠤ ᠬᠠᠮᠳᠤ ᠨᠡᠶᠢᠳᠡ ᠵᠢᠱᠢᠶ᠎ᠡ ᠦᠵᠡᠬᠦᠯᠪᠡ᠃ ᠥᠪᠡᠷᠮᠢᠴᠡ ᠭᠠᠵᠠᠷ ᠵᠦᠢ ᠶᠢᠨ | ᠨᠥᠬᠦᠴᠡᠯ᠂ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ | ᠶᠡᠬᠡᠪᠡᠷ ᠲᠤᠬᠢᠷᠠᠭᠤᠯᠵᠤ᠂ ᠤᠨᠴᠠᠯᠢᠬᠳᠤ ᠤᠢ ᠵᠢᠮᠢᠰ ᠤᠨ ᠠᠵᠤ ᠦᠢᠯᠡᠰ ᠢ ᠬᠥᠭᠵᠢᠭᠦᠯᠵᠦ᠂ ᠲᠣᠰᠬᠤᠨ ᠤ | ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ᠎ᠠ᠃ 2024 ᠣᠨ ᠳᠤ᠂ ᠤᠳᠠ ᠶᠢᠨ ᠠᠶᠢᠯ ᠭᠠᠴᠠᠭ᠎ᠠ᠂ | ᠲᠣᠰᠬᠤᠨ ᠤ ᠬᠠᠮᠲᠤ ᠶᠢᠨ ᠭᠠᠵᠠᠷ ᠰᠢᠷᠣᠶ ᠪᠠ ᠲᠠᠷᠢᠬᠤ ᠬᠦᠰᠡᠯ ᠲᠠᠢ ᠮᠠᠯᠴᠢᠨ ᠲᠠᠷᠢᠶᠠᠴᠢᠨ ᠢ ᠡᠮᠬᠢᠯᠡᠨ ᠨᠡᠶᠢᠯᠡᠭᠦᠯᠵᠦ | ᠂ 500 ᠮᠥ ᠵᠢᠢ ᠰᠢᠨ ᠬᠦᠸᠧ ᠵᠢᠮᠢᠰ ᠤᠨ ᠮᠣᠳᠣ ᠲᠠᠷᠢᠬᠤ ᠪᠠᠷ ᠲᠥᠯᠥᠪᠯᠡᠵᠦ ᠪᠣᠶ᠃ | ᠭᠤᠷᠪᠠ ᠳᠤ᠂ ᠤᠯᠠᠨ ᠲᠦᠮᠡᠨ ᠥᠷᠭᠡᠨ ᠢ ᠦᠷᠭᠡᠨ ᠢᠶᠠᠷ ᠤᠷᠤᠯᠴᠠᠭᠤᠯᠤᠨ᠎ᠠ᠃ ᠪᠠᠯᠭᠠᠰᠤᠨ ᠠᠴᠠ ᠮᠠᠯᠵᠢᠬᠤ | ᠲᠠᠷᠢᠶᠠᠯᠠᠬᠤ ᠡᠷᠦᠬᠡ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠬᠦᠷᠢᠶ᠎ᠡ ᠬᠠᠰᠢᠶ᠎ᠠ ᠶᠢᠨ ᠠᠵᠤ | ᠠᠬᠤᠶ ᠶᠢ ᠬᠥᠭᠵᠢᠭᠦᠯᠵᠦ᠂ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠵᠣᠬᠢᠴᠠᠭᠤᠯᠵᠤ | ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠥᠷᠨᠢᠭᠦᠯᠦᠨ᠂ ᠬᠥᠳᠡᠯᠮᠦᠷᠢᠯᠡᠬᠦ ᠴᠢᠳᠠᠪᠤᠷᠢ ᠲᠠᠢ ᠣᠯᠠᠨ ᠲᠦᠮᠡᠨ ᠳᠤ | ᠠᠵᠢᠯ ᠤᠨ ᠪᠠᠶᠢᠷᠢ ᠬᠠᠩᠭᠠᠵᠤ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠳᠡᠭᠡᠭᠰᠢᠯᠡᠭᠦᠯᠦᠨ᠎ᠡ᠃ | |