ᠢᠳᠡᠪᠬᠢᠲᠡᠶ ᠬᠥᠲᠥᠯᠥᠨ ᠵᠢᠯᠤᠭᠤᠳᠪᠠ᠃ ᠬᠠᠷᠢᠶᠠᠲᠤ ᠣᠷᠣᠨ ᠤ ᠠᠵᠤ ᠠᠬᠤᠶᠢᠯᠠᠯ ᠤᠨ ᠨᠡᠷᠡᠰ ᠵᠢᠴᠢ ᠪᠷᠢᠮᠵᠢᠶᠠ | ᠳᠤ ᠬᠦᠷᠬᠦ ᠦᠢᠯᠡᠳᠭᠦᠨ ᠢ ᠪᠥᠬᠦ ᠲᠠᠯ᠎ᠠ ᠪᠠᠷ ᠡᠮᠬᠢᠯᠡᠵᠦ᠂ ᠰᠤᠷᠪᠤᠯᠵᠢᠯᠠᠬᠤ᠂ ᠪᠠᠶᠢᠴᠠᠭᠠᠨ ᠰᠤᠳᠤᠯᠤᠯᠲᠠ ᠬᠢᠬᠦ᠂ | ᠶᠠᠷᠢᠯᠴᠠᠬᠤ ᠵᠡᠷᠭᠡ ᠬᠡᠯᠪᠡᠷᠢ ᠶᠢ ᠠᠰᠢᠭᠯᠠᠨ᠂ ᠠᠵᠤ ᠠᠬᠤᠶᠢᠯᠠᠯ ᠤᠨ ᠪᠠᠷᠢᠮᠵᠢᠶ᠎ᠠ ᠲᠠᠢ ᠬᠠᠷᠢᠴᠠᠭᠤᠯᠵᠤ | ᠪᠠᠷᠢᠮᠵᠢᠶ᠎ᠠ ᠳᠤ ᠬᠦᠷᠭᠡᠨ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠵᠤ᠂ | ᠪᠠᠷᠢᠮᠵᠢᠶ᠎ᠠ ᠲᠠᠢ ᠬᠠᠷᠢᠴᠠᠭᠤᠯᠵᠤ ᠪᠠᠷᠢᠮᠵᠢᠶ᠎ᠠ ᠳᠤ ᠬᠦᠷᠭᠡᠬᠦ ᠭᠦᠨ ᠵᠤᠵᠠᠭᠠᠨ ᠠᠭᠤᠷ ᠠᠮᠢᠰᠬᠤᠯ ᠢ ᠡᠬᠦᠳᠪᠡ ᠃ | ᠣᠳᠣᠬᠠᠨ ᠳᠤ ᠪᠥᠬᠦ ᠬᠤᠰᠢᠭᠤᠨ ᠳᠤ ᠨᠡᠶᠢᠲᠡ 57 ᠠᠵᠤ ᠠᠬᠤᠶᠢᠯᠠᠯ ᠤᠨ 147 ᠵᠦᠢᠯ ᠤᠨ ᠪᠠᠷᠢᠮᠵᠢᠶ᠎ᠠ ᠶᠢ | ᠨᠢᠭᠡᠨᠲᠡ ᠵᠠᠷᠯᠠᠨ ᠨᠡᠶᠢᠲᠡᠯᠡᠪᠡ᠃ | | ᠨᠠᠷᠢᠯᠢᠭ ᠣᠨᠣᠪᠴᠢᠲᠠᠢ ᠦᠢᠯᠡᠴᠢᠯᠡᠪᠡ᠃ ᠪᠥᠬᠦ ᠤᠯᠤᠰ ᠤᠨ ᠪᠠᠷᠢᠮᠵᠢᠶ᠎ᠠ ᠳᠤ ᠬᠦᠷᠦᠭᠰᠡᠨ ᠮᠡᠳᠡᠭᠡ ᠵᠠᠩᠭᠢ ᠶᠢᠨ | ᠦᠢᠯᠡᠴᠢᠯᠡᠭᠡᠨ ᠤ ᠲᠠᠪᠴᠠᠩ ᠲᠠᠢ ᠬᠠᠷᠢᠴᠠᠭᠤᠯᠤᠨ᠂ ᠠᠵᠤ ᠠᠬᠤᠶᠢᠯᠠᠯ ᠤᠨ ᠬᠡᠷᠡᠭᠵᠢᠭᠦᠯᠬᠦ ᠪᠠᠷᠢᠮᠵᠢᠶ᠎ᠠ ᠶᠢ | ᠬᠠᠷᠢᠴᠠᠭᠤᠯᠤᠨ ᠵᠠᠳᠠᠯᠵᠤ᠂ ᠠᠵᠤ ᠠᠬᠤᠶᠢᠯᠠᠯ ᠢ ᠵᠢᠯᠣᠭᠤᠳᠤᠨ ᠰᠢᠭᠤᠳ ᠪᠠᠷᠢᠮᠵᠢᠶ᠎ᠠ ᠲᠠᠢ ᠬᠠᠷᠭᠤᠭᠤᠯᠵᠤ᠂ ᠵᠥᠷᠢᠶ᠎ᠡ | ᠪᠠ ᠬᠦᠷᠦᠯᠴᠡᠬᠦ ᠥᠬᠡᠶ ᠲᠠᠯ᠎ᠠ ᠳᠤ ᠴᠢᠭᠯᠡᠭᠦᠯᠦᠨ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠵᠦ | ᠳᠡᠭᠡᠭᠰᠢᠯᠡᠭᠦᠯᠪᠡ᠃ | ᠪᠣᠯᠪᠠᠰᠤᠷᠠᠯ ᠢ ᠡᠷᠴᠢᠮᠵᠢᠬᠦᠯᠪᠡ᠃ ᠠᠵᠤ ᠠᠬᠤᠶᠢᠯᠠᠯ ᠤᠨ ᠠᠵᠢᠯᠲᠠᠨ ᠤ ᠲᠠᠪᠴᠠᠩ ᠤᠨ ᠬᠡᠷᠡᠭᠯᠡᠯᠲᠡ ᠶᠢᠨ | ᠪᠣᠯᠪᠠᠰᠤᠷᠠᠩᠭᠤᠶ ᠪᠤᠰᠤ ᠪᠣᠳᠠᠲᠠᠶ ᠪᠠᠶᠢᠳᠠᠯ ᠳᠤ ᠴᠢᠭᠯᠡᠭᠦᠯᠦᠨ᠂ ︽ᠰᠢᠭᠤᠳ ᠬᠦᠷᠳᠡᠭᠡᠬᠦ︾ ᠪᠣᠯᠪᠠᠰᠤᠷᠠᠭᠤᠯᠤᠯ ᠤᠨ | ᠵᠢᠯᠣᠭᠤᠳᠣᠯᠭ᠎ᠠ ᠶᠢ ᠥᠷᠨᠢᠭᠦᠯᠵᠦ᠂ ᠪᠠᠷᠢᠮᠵᠢᠶ᠎ᠠ ᠲᠠᠢ ᠬᠠᠷᠢᠴᠠᠭᠤᠯᠵᠤ ᠪᠠᠷᠢᠮᠵᠢᠶ᠎ᠠ ᠳᠤ ᠬᠦᠷᠭᠡᠬᠦ ᠠᠵᠢᠯ ᠤᠨ | ᠠᠬᠢᠴᠠ ᠶᠢ ᠲᠦᠷᠭᠡᠳᠭᠡᠪᠡ ᠃ ᠣᠳᠣᠬᠠᠨ ᠪᠣᠯᠲᠠᠯ᠎ᠠ᠂ 9 ᠠᠵᠤ ᠠᠬᠤᠶᠢᠯᠠᠯ ᠤᠨ 11 ᠦᠢᠯᠡᠳᠬᠦᠨ ᠨᠢ | ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃ | |