4 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠬᠤᠷᠠᠯ | ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠡᠷᠭᠢᠯᠳᠡ ᠪᠠ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ | ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ | | | | ᠰᠢᠶᠧ ᠴᠦᠨ ᠾᠧ ᠴᠢᠬᠤᠯᠠᠴᠢᠯᠠᠭᠰᠠᠨ ᠨᠢ᠂ ᠨᠢᠭᠡᠳᠦᠭᠡᠷ ᠤᠯᠠᠷᠢᠯ ᠳᠤ ᠪᠦᠭᠦ ᠬᠤᠰᠢᠭᠤᠨ ᠤ ᠠᠵᠤ | ᠠᠬᠤᠢ ᠶᠢᠨ ᠡᠷᠭᠢᠯᠳᠡ ᠰᠠᠶᠢᠨ ᠡᠬᠢᠯᠡᠯᠲᠡ ᠲᠠᠢ ᠪᠣᠯᠪᠠ᠂ ᠭᠡᠪᠡᠴᠦ ᠰᠣᠬᠤᠷ ᠪᠠᠯᠠᠢ ᠪᠠᠷ ᠪᠠᠶᠠᠷᠯᠠᠵᠤ ᠪᠣᠯᠬᠤ ᠦᠭᠡᠢ᠂ | ᠪᠠᠶᠢᠳᠠᠯ ᠢ ᠲᠣᠳᠣᠷᠬᠠᠢ ᠲᠠᠨᠢᠵᠤ᠂ ᠣᠨᠣᠪᠴᠢᠲᠠᠶ ᠰᠤᠳᠤᠯᠤᠨ ᠮᠠᠭᠠᠳᠯᠠᠵᠤ᠂ ᠶᠡᠭᠡ ᠬᠦᠴᠦ ᠣᠷᠣᠭᠤᠯᠤᠨ᠂ | ᠳᠤᠲᠠᠭᠤᠳᠠᠯ ᠢᠶᠠᠨ ᠨᠥᠬᠦᠪᠦᠷᠢᠯᠡᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠠᠵᠤ ᠠᠬᠤᠢ ᠶᠢᠨ | ᠶᠡᠷᠦᠩᠬᠡᠢ ᠬᠡᠮᠵᠢᠶ᠎ᠡ ᠶᠢ ᠶᠡᠬᠡᠰᠬᠡᠬᠦ ᠬᠡᠷᠡᠭᠲᠡᠢ᠃ ᠠᠷᠠᠯᠵᠢᠶᠠᠴᠢᠨ ᠤᠷᠢᠬᠤ ᠶᠢ ᠡᠷᠡᠰ ᠭᠤᠶᠢᠪᠢᠰᠢ ᠦᠭᠡᠢ ᠶᠡᠬᠡᠪᠡᠷ | ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ᠭᠠᠵᠠᠷ ᠤᠨ ᠲᠡᠰ ᠤᠨ ᠤᠳᠤᠷᠢᠳᠤᠯᠭ᠎ᠠ ᠪᠦᠬᠦᠨ ᠢ ᠠᠳᠬᠤᠵᠤ᠂ | ᠠᠵᠢᠯ ᠲᠦᠷᠦᠯ ᠤᠨ ᠬᠦᠷᠢᠶ᠎ᠡ ᠬᠡᠪᠴᠢᠶ᠎ᠡ ᠬᠤᠪᠢᠶᠠᠨ ᠠᠷᠠᠯᠵᠢᠶᠠᠴᠢᠨ ᠤᠷᠢᠬᠤ ᠠᠵᠢᠯ ᠢ ᠠᠬᠢᠭᠤᠯᠵᠤ᠂ | ᠠᠷᠠᠯᠵᠢᠶᠠᠴᠢᠨ ᠤᠷᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠳᠪᠦᠷᠢ ᠶᠢᠨ ᠠᠵᠤ | ᠠᠬᠤᠢ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠠᠬᠢᠭᠤᠷ ᠡᠯᠡᠰᠦ᠂ | ᠰᠢᠨ᠎ᠡ ᠡᠨᠧᠷᠭᠢ ᠵᠡᠷᠭᠡ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠡᠭᠡᠷ᠎ᠡ ᠬᠦᠴᠦ ᠲᠠᠯᠪᠢᠵᠤ᠂ | ᠠᠵᠤ ᠦᠢᠯᠡᠳᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ | ᠠᠵᠤ ᠠᠬᠤᠶᠢᠯᠠᠯ ᠳᠤ ᠨᠠᠷᠢᠯᠢᠭ ᠣᠨᠣᠴᠠᠲᠠᠢ ᠪᠠᠷ ᠦᠢᠯᠡᠴᠢᠯᠡᠵᠦ ᠬᠥᠭᠵᠢᠯᠲᠡ ᠶᠢ ᠠᠬᠢᠭᠤᠯᠵᠤ᠂ ᠠᠵᠤ | ᠠᠬᠤᠶᠢᠯᠠᠯ ᠤᠨ ᠵᠠᠬᠢᠶᠠᠯᠠᠭ᠎ᠠ ᠶᠢᠨ ᠬᠠᠭᠤᠳᠠᠰᠤ ᠬᠦᠷᠦᠯᠴᠡᠬᠦ ᠦᠭᠡᠢ᠂ ᠥᠪᠡᠷ ᠤᠨ ᠦᠷᠳᠡᠭ ᠳᠡᠭᠡᠭᠰᠢᠯᠡᠬᠦ᠂ ᠵᠣᠭᠤᠰ | ᠪᠤᠴᠠᠭᠠᠬᠤ ᠳᠤ ᠬᠦᠴᠢᠷᠲᠡᠢ ᠪᠠᠶᠢᠬᠤ ᠵᠡᠷᠭᠡ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ | ᠦᠢᠯᠡᠰ ᠤᠨ ᠲᠦᠷᠦ ᠶᠢᠨ ᠪᠣᠳᠣᠯᠭ᠎ᠠ ᠬᠢᠭᠡᠳ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠲᠦᠷᠦ ᠶᠢᠨ | ᠪᠣᠳᠣᠯᠭ᠎ᠠ ᠶᠢ ᠨᠠᠷᠢᠯᠢᠭ ᠣᠨᠣᠴᠠᠲᠠᠢ ᠵᠣᠯᠭᠠᠭᠤᠯᠬᠤ ᠪᠠ ᠬᠠᠮᠵᠢᠯᠴᠠᠨ ᠬᠦᠴᠦᠯᠡᠬᠦ ᠶᠢ ᠴᠢᠩᠭᠠᠳᠬᠠᠵᠤ᠂ ᠠᠵᠤ | ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠨ ᠬᠦᠴᠢᠷᠳᠡᠯ ᠢ ᠨᠢ ᠰᠢᠢᠳᠪᠦᠷᠢᠯᠡᠵᠦ᠂ | ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃ | ᠰᠢᠶᠧ ᠴᠦᠨ ᠾᠧ ᠬᠡᠯᠡᠬᠦ ᠳᠡᠭᠡᠨ᠂ ᠬᠡᠰᠡᠭ ᠬᠤᠭᠤᠴᠠᠭᠠᠨ ᠠᠴᠠ ᠨᠠᠰᠢ ᠮᠠᠨ ᠤ ᠬᠤᠰᠢᠭᠤᠨ ᠤ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠴᠢᠬᠤᠯᠠᠴᠢᠯᠠᠭᠰᠠᠨ ᠬᠡᠮᠵᠢᠶ᠎ᠡ᠂ ᠠᠬᠢᠭᠤᠯᠤᠭᠰᠠᠨ ᠡᠷᠴᠢᠮ ᠨᠢ ᠴᠥᠮ | ᠢᠯᠡᠷᠬᠡᠢ ᠵᠥᠷᠢᠶ᠎ᠡ ᠲᠠᠢ ᠪᠠᠶᠢᠵᠤ᠂ ᠪᠦᠬᠦ᠋ᠢᠯᠡ ᠠᠵᠢᠯ ᠨᠢ ᠬᠤᠴᠤᠷᠤᠩᠭᠤᠢ ᠪᠠᠶᠢᠨ᠎ᠠ᠃ ᠡᠷᠬᠡᠪᠰᠢ ᠪᠠᠴᠢᠮ ᠲᠤᠯᠭᠠᠮ᠎ᠠ | ᠰᠡᠳᠬᠢᠯᠭᠡ ᠪᠠ ᠲᠦᠭᠰᠢᠭᠦᠷᠢᠲᠦ ᠰᠡᠳᠬᠢᠯᠭᠡ ᠪᠠᠨ ᠨᠡᠮᠡᠭᠳᠡᠭᠦᠯᠵᠦ᠂ ᠲᠦᠷᠭᠡᠨ ᠬᠦᠳᠡᠯᠦᠯᠴᠡᠨ ᠱᠠᠯᠠᠮᠠᠭᠠᠶᠢᠯᠠᠨ ᠨᠡᠬᠡᠬᠦ | ᠲᠡᠮᠡᠴᠡᠯ ᠤᠨ ᠵᠣᠷᠢᠭ ᠢᠶᠠᠷ ᠭᠤᠷᠪᠠᠨ ᠵᠢᠯ ᠤᠨ ᠰᠢᠪᠳᠤᠯᠤᠯᠳᠠ ᠶᠢᠨ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠰᠠᠨᠠᠭᠠᠴᠢᠯᠠᠭᠠᠲᠤ ᠪᠤᠰᠤ ᠪᠠᠶᠢᠳᠠᠯ ᠢ ᠡᠷᠡᠰ ᠬᠤᠪᠢᠷᠠᠭᠤᠯᠬᠤ ᠬᠡᠷᠡᠭᠲᠡᠢ᠃ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠰᠡᠳᠬᠢᠯ ᠰᠢᠭᠤᠳᠤᠨ ᠰᠤᠳᠤᠯᠵᠤ᠂ ᠳᠠᠯᠳᠠ ᠬᠦᠴᠦᠨ ᠢ ᠭᠦᠨᠵᠡᠭᠡᠢ ᠠᠭᠤᠳᠠᠯᠵᠤ | ᠂ ᠰᠢᠪᠲᠤᠯᠤᠯᠲᠠ ᠶᠢᠨ ᠴᠡᠭ ᠢᠶᠠᠨ ᠣᠨᠣᠪᠴᠢᠲᠠᠢ ᠡᠷᠢᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠡᠷᠡᠭᠯᠡᠭᠡ᠂ | ᠪᠠᠷᠠᠭᠠᠨ ᠤ ᠭᠦᠢᠯᠭᠡᠭᠡ᠂ ᠵᠤᠭᠠᠴᠠᠯ ᠵᠡᠷᠭᠡ ᠲᠠᠯ᠎ᠠ ᠶᠢᠨ ᠳᠤᠲᠠᠭᠤᠳᠠᠯ ᠢ ᠨᠥᠬᠦᠪᠦᠷᠢᠯᠡᠵᠦ᠂ ᠦᠢᠯᠡᠴᠢᠯᠡᠭᠡᠨ ᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠬᠠᠳᠠᠭᠠᠯᠠᠯᠲᠠ ᠶᠢᠨ | ᠬᠡᠮᠵᠢᠶ᠎ᠡ ᠶᠢ ᠪᠣᠶᠢᠵᠢᠭᠤᠯᠬᠤ᠂ ᠨᠡᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠦᠨ ᠲᠠᠲᠠᠬᠤ ᠶᠢ ᠪᠠᠷᠢᠮᠲᠠᠯᠠᠵᠤ᠂ ᠤᠳᠤ ᠶᠢᠨ | ᠪᠠᠶᠢᠭ᠎ᠠ ᠠᠵᠤ ᠠᠬᠤᠶᠢᠯᠠᠯ ᠢ ᠲᠡᠳᠬᠦᠨ ᠪᠤᠵᠠᠭᠠᠶᠢᠷᠠᠭᠤᠯᠬᠤ ᠶᠢ ᠲᠦᠷᠭᠡᠳᠬᠡᠵᠦ᠂ ᠨᠢᠭᠡ ᠪᠦᠯᠦᠭ ᠲᠣᠯᠣᠭᠠᠶᠢᠯᠠᠭᠴᠢ | ᠠᠵᠤ ᠠᠬᠤᠶᠢᠯᠠᠯ ᠪᠠ ᠴᠢᠬᠤᠯᠠ ᠶᠡᠭᠡ ᠲᠦᠷᠦᠯ ᠵᠦᠢᠯ ᠢ ᠢᠳᠡᠪᠬᠢᠲᠡᠢ ᠲᠠᠲᠠᠵᠤ᠂ ᠦᠢᠯᠡᠴᠢᠯᠡᠭᠡᠨ ᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠲᠠᠰᠤᠷᠠᠯᠲᠠ ᠦᠭᠡᠢ ᠡᠬᠢ ᠰᠤᠷᠪᠤᠯᠵᠢ ᠬᠠᠩᠭᠠᠬᠤ ᠬᠡᠷᠡᠭᠲᠡᠢ᠃ | ᠲᠥᠷᠥ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠬᠤ᠂ ᠬᠥᠳᠡᠯᠭᠡᠬᠦ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠨ | ᠲᠡᠭᠦᠯᠳᠡᠷᠵᠢᠭᠦᠯᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠦᠢᠯᠡᠴᠢᠯᠡᠭᠡᠨ ᠤ ᠦᠢᠯᠡᠰ ᠤᠨ | ᠡᠵᠡᠩᠨᠡᠯᠲᠡ ᠶᠢᠨ ᠭᠤᠣᠯ ᠴᠣᠭᠴᠠ ᠶᠢᠨ ᠲᠠᠰᠤᠷᠠᠯᠲᠠ ᠦᠭᠡᠢ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠬᠦ ᠬᠡᠷᠡᠭᠲᠡᠢ | ᠭᠡᠵᠡᠢ᠃ | | | |