ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ ᠲᠠᠪᠤᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠲᠠᠪᠤᠳᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/22
    4 ᠰᠠᠷ᠎ᠠ ᠶᠢᠨ 19 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ ᠲᠠᠪᠤᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠲᠠᠪᠤᠳᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠬᠤᠷᠠᠯ ᠡᠷᠭᠢᠯᠡᠵᠦ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠯᠢᠦ ᠶᠢᠨ ᠱᠧᠩ᠂ ᠶᠠᠩ ᠧᠨ ᠵᠧᠨ᠂ ᠯᠢ ᠶᠠᠨ ᠬᠤᠸᠠ᠂ ᠰᠢᠶᠠᠩ ᠭᠦᠸᠧ ᠸᠧᠢ᠂ ᠯᠢ ᠸᠧᠢ ᠮᠢᠩ᠂ ᠱᠤᠸᠠᠩ ᠵᠦ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠵᠢᠩ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠴᠢᠤᠸᠠᠨ ᠬᠤᠷᠠᠯ ᠳᠤ ᠰᠤᠯᠠ ᠣᠷᠣᠯᠴᠠᠵᠠᠢ᠃
 科左后旗人民政府召开2024年第5次党组会议.jpg
        ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ︾ ᠵᠡᠷᠭᠡ ᠠᠭᠤᠯᠭ᠎ᠠ ᠶᠢ ᠰᠤᠷᠤᠯᠴᠠᠵᠤ᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠳᠤᠯᠤᠯᠳᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024 ︱ 2026 ᠣᠨ︶︾᠂ ︽ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠲᠥᠰᠥᠯ︾ ᠢ ᠬᠢᠨᠠᠨ ᠶᠠᠷᠢᠯᠴᠠᠵᠤ᠂ ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠵᠠᠢ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠲᠦᠷᠦᠭᠦᠯᠡᠨ ᠬᠠᠤᠯᠢ ᠶᠢ ᠬᠦᠨᠳᠦᠳᠬᠡᠨ ᠬᠠᠤᠯᠢ ᠶᠢ ᠰᠤᠷᠤᠯᠴᠠᠵᠤ ᠬᠠᠤᠯᠢ ᠶᠢ ᠰᠠᠬᠢᠨ ᠬᠠᠤᠯᠢ ᠶᠢ ᠬᠡᠷᠡᠭᠯᠡᠵᠦ᠂ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ᠂ ᠤᠯᠤᠰ ᠤᠨ ᠬᠠᠤᠯᠢ ᠴᠠᠭᠠᠵᠠ ᠶᠢ ᠰᠤᠷᠤᠯᠴᠠᠬᠤ ᠭᠤᠣᠯᠳᠠᠯᠭ᠎ᠠ ᠪᠠᠨ ᠪᠣᠯᠭᠠᠵᠤ᠂ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠭᠦᠨᠵᠡᠭᠡᠢ ᠰᠡᠳᠬᠢᠨ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠠ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠠᠮᠢᠶᠠᠷᠬᠤ ᠴᠢᠳᠠᠪᠤᠷᠢ ᠪᠠ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠣᠯᠣᠨ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠡᠭᠦᠷᠭᠡ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠰᠢᠰᠲ᠋ᠥᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠴᠢᠷᠮᠠᠶᠢᠨ ᠠᠬᠢᠭᠤᠯᠬᠤ ᠬᠡᠷᠡᠭᠲᠡᠢ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠡᠨ ᠬᠦ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠪᠠ ᠢᠯᠡ ᠪᠠᠷ ᠠᠷᠠᠯᠵᠢᠶᠠᠯᠠᠬᠤ ᠶᠢ ᠲᠦᠯᠬᠢᠨ ᠠᠬᠢᠭᠤᠯᠵᠤ᠂ ᠡᠷᠬᠡ ᠲᠡᠭᠰᠢ ᠲᠥᠪ ᠭᠤᠥᠯᠴᠢ᠂ ᠵᠢᠷᠤᠮᠵᠢᠯ ᠲᠠᠢ ᠥᠨᠳᠥᠷ ᠪᠦᠲᠦᠮᠵᠢᠲᠡᠶ᠂ ᠢᠯᠡ ᠲᠣᠳᠣ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠵᠡᠢ᠃    ᠬᠤᠷᠠᠯ ᠠᠴᠠ ᠪᠠᠰᠠ ᠪᠤᠰᠤᠳ ᠵᠦᠢᠯᠡᠰ ᠢ ᠶᠠᠷᠢᠯᠴᠠᠨ ᠰᠤᠳᠤᠯᠪᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号