ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠬᠦᠯᠪᠡ
ᠨᠡᠶᠢᠲᠡᠯᠡᠭᠰᠡᠨ ᠴᠠᠭ᠄
2024/4/24
   ᠬᠤᠳᠠ ᠶᠢᠨ ᠨᠢᠭᠤᠷ ᠲᠦᠷᠰᠦ ᠣᠷᠴᠢᠨ ᠲᠣᠭᠤᠷᠢᠨ  ᠤ ᠴᠡᠭᠴᠡᠯᠡᠨ ᠵᠠᠰᠠᠯᠳᠠ ᠶᠢ ᠴᠢᠩᠭᠠᠳᠬᠠᠪᠠ ᠃  ᠲᠤᠷᠠᠪᠠᠷ ᠨᠠᠭᠠᠵᠤ  ᠵᠢᠷᠤᠬᠤ᠂  ᠲᠤᠷᠠᠪᠠᠷ ᠡᠯᠭᠦᠬᠦ᠂  ᠲᠤᠷᠠᠪᠠᠷ ᠪᠠᠶᠢᠭᠤᠯᠬᠤ᠂  ᠲᠤᠷᠠᠪᠠᠷ ᠵᠤᠬᠰᠤᠭᠠᠵᠥ ᠲᠠᠯᠪᠢᠬᠤ ᠵᠡᠷᠭᠡ ︽ᠠᠷᠪᠠᠨ ᠲᠤᠷᠠᠪᠠᠷ︾ ᠤᠨ ᠦᠵᠡᠭᠳᠡᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠭᠤᠣᠯ ᠬᠤᠳᠠ ᠶᠢᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠠᠵᠢᠯ ᠢ ᠰᠠᠶᠢᠲᠤᠷ  ᠬᠢᠪᠡ ᠃    ᠣᠲᠣ ᠪᠣᠯᠲᠠᠯ᠎ᠠ᠂     ︽ᠠᠷᠪᠠᠨ ᠲᠤᠷᠠᠪᠠᠷ︾ ᠤᠨ ᠠᠵᠢᠯᠯᠠᠭ᠎ᠠ ᠶᠢ 100 ᠭᠠᠷᠤᠶ ᠴᠡᠭᠴᠡᠯᠡᠨ ᠵᠠᠰᠠᠵᠤ᠂ ᠬᠤᠲᠠ    ᠶᠢᠨ ︽  ᠲᠤᠷᠠᠪᠠᠷ ᠨᠠᠭᠠᠬᠠᠤ ︾ ᠶᠢ 120 ᠭᠠᠷᠤᠶ ᠴᠡᠪᠡᠷᠯᠡᠵᠦ᠂ 5200 ᠪᠣᠰᠤᠭ᠎ᠠ ᠳᠥᠷᠪᠡᠯᠵᠢᠨ ᠮᠧᠲᠷ  ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠪᠡ᠃   ᠬᠤᠲᠠ ᠶᠢᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠪᠠ ᠃ ᠬᠡᠷ ᠤᠨ ᠭᠠᠳᠠᠨᠠᠬᠢ ᠵᠠᠷ ᠮᠡᠳᠡᠭᠡ ᠶᠢᠨ ᠫᠠᠶᠢᠰᠠ ᠢᠯᠡᠷᠬᠡᠶᠢᠯᠡᠯ  ᠲᠤᠨᠤᠭ ᠲᠦᠭᠦᠭᠡᠷᠦᠮᠵᠢ ᠶᠢᠨ ᠠᠮᠤᠷ ᠲᠦᠪᠰᠢᠨ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠮᠥᠷᠳᠡᠨ ᠱᠠᠯᠠᠪᠳᠠᠵᠥ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢᠨ   ᠬᠠᠮᠲᠤ     ᠲᠤᠳᠠᠵᠥ ᠡᠪᠳᠡᠷᠡᠭᠰᠡᠨ ᠠᠴᠠ ᠪᠣᠯᠵᠣ ᠠᠮᠤᠷ ᠲᠦᠪᠰᠢᠨ ᠤ    ᠳᠠᠯᠳᠠ    ᠬᠡᠮ ᠣᠷᠣᠰᠢᠵᠤ ᠪᠠᠶᠢᠭ᠎ᠠ  ᠬᠤᠳᠳᠤᠭ ᠤᠨ ᠠᠮᠠᠰᠠᠷ ᠢ ᠰᠡᠯᠪᠢᠨ ᠵᠠᠰᠠᠪᠠ ᠃ ᠣᠲᠣ ᠪᠣᠯᠲᠠᠯ᠎ᠠ᠂ ᠬᠡᠷ ᠤᠨ ᠭᠠᠳᠠᠨᠠᠬᠢ ᠵᠠᠷ ᠮᠡᠳᠡᠭᠡ᠂ ᠫᠠᠶᠢᠰᠠ ᠢᠯᠡᠷᠬᠡᠶᠢᠯᠡᠯ ᠤᠨ ᠲᠥᠬᠦᠭᠡᠷᠦᠮᠵᠢ ᠶᠢ 4138 ᠵᠢᠭᠰᠠᠭᠠᠨ ᠪᠠᠶᠢᠴᠠᠭᠠᠵᠤ᠂ ᠡᠪᠳᠡᠷᠡᠵᠦ ᠬᠠᠭᠤᠴᠢᠷᠠᠭᠰᠠᠨ ᠬᠤᠳᠳᠤᠭ ᠤᠨ ᠠᠮᠠᠰᠠᠷ ᠢ 35 ᠢᠯᠡᠷᠡᠭᠦᠯᠵᠦ᠂ ᠠᠰᠠᠭᠤᠳᠠᠯ ᠢ ᠴᠥᠮ ᠲᠣᠬᠢᠲᠠᠶ ᠰᠢᠢᠳᠪᠦᠷᠢᠯᠡᠪᠡ᠃       ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠡᠭᠡᠭᠰᠢᠯᠡᠬᠦᠯᠪᠡ ᠃ ᠬᠤᠲᠠ ᠶᠢᠨ ᠲᠣᠭᠤᠷᠢᠭ ᠤᠨ ᠰᠤᠯᠠ ᠪᠠᠶᠢᠭ᠎ᠠ ᠭᠠᠵᠠᠷ ᠢ ᠠᠰᠢᠭᠯᠠᠨ ᠨᠣᠭᠤᠭᠠᠷᠠᠭᠤᠯᠤᠯᠲᠠ ᠶᠢᠨ ᠲᠠᠯᠠᠪᠠᠶ ᠶᠢ ᠥᠷᠭᠡᠳᠬᠡᠵᠦ᠂ ᠨᠣᠭᠤᠭᠠᠷᠠᠭᠤᠯᠤᠯᠲᠠ  ᠶᠢᠨ ᠡᠮᠬᠢ ᠵᠠᠮᠪᠠᠷᠠᠭ᠎ᠠ ᠥᠬᠡᠶ ᠪᠠᠶᠢᠳᠠᠯ ᠢ ᠵᠠᠰᠠᠵᠤ᠂ ᠨᠣᠭᠤᠭᠠᠷᠠᠭᠤᠯᠤᠯᠲᠠ ᠪᠠᠷ ᠪᠤᠵᠠᠷ ᠢ ᠵᠠᠰᠠᠵᠤ᠂ ᠬᠤᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠪᠠ᠃ 2017 ᠣᠨ ᠠᠴᠠ ᠣᠳᠣ ᠪᠣᠯᠲᠠᠯ᠎ᠠ ᠡᠯ᠎ᠡ ᠲᠥᠷᠥᠯ ᠤᠨ ᠴᠢᠬᠢ ᠮᠣᠳᠣ ᠶᠢ 2.5 ᠲᠦᠮᠡ ᠭᠠᠷᠤᠢ ᠰᠠᠭᠤᠷᠢ ᠰᠠᠭᠤᠯᠭᠠᠵᠥ᠂ ᠣᠯᠠᠨ ᠰᠣᠳᠣᠨ ᠴᠡᠴᠡᠷᠯᠢᠭ ᠵᠡᠭᠡᠯᠢ ᠶᠢᠨ ᠬᠠᠵᠠᠭᠤ ᠶᠢᠨ ᠵᠢᠵᠢᠭ ᠦᠵᠡᠮᠵᠢ ᠶᠢ ᠪᠣᠢ ᠪᠣᠯᠭᠠᠪᠠ᠃
镇容镇貌.jpg
 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号