ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠠᠭ ᠢ ᠠᠮᠵᠢᠨ ᠲᠠᠷᠢᠵᠤ ᠪᠠᠶᠢᠨ᠎ᠠ
ᠨᠡᠶᠢᠲᠡᠯᠡᠭᠰᠡᠨ ᠴᠠᠭ᠄
2024/4/24
   ᠠᠵᠢᠯᠴᠢ ᠬᠥᠮᠥᠨ ᠤ ᠬᠠᠪᠤᠷ ᠡᠷᠲᠡ ᠰᠠᠭᠠᠳᠠᠳᠠᠭ᠃ ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ ᠵᠠᠩᠭᠢᠯᠠᠭ᠎ᠠ ᠶᠢᠨ ᠱᠠᠲᠤᠨ ᠳᠤ ᠪᠠᠶᠢᠨ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠢᠨ ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠠᠷᠢᠶᠠᠴᠢᠳ ᠢ ᠬᠥᠲᠥᠯᠥᠨ ᠵᠢᠯᠤᠭᠤᠳᠴᠤ᠂ ᠲᠠᠷᠢᠶᠠᠯᠠᠬᠤ ᠴᠠᠭ ᠢ ᠠᠮᠵᠢᠨ ᠦᠢᠯᠡᠳᠪᠦᠷᠢᠯᠡᠯ ᠢ ᠠᠳᠬᠤᠵᠤ᠂ ᠪᠠᠴᠢᠮ ᠶᠠᠭᠠᠷᠠᠯᠲᠠᠢ ᠬᠠᠪᠤᠷ ᠤᠨ ᠲᠠᠷᠢᠶᠠᠯᠠᠭ᠎ᠠ ᠳᠤ ᠪᠡᠯᠡᠳᠬᠡᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠦᠭᠦ ᠵᠢᠯ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠰᠠᠶᠢᠨ ᠡᠬᠢᠯᠡᠯᠲᠡ ᠲᠠᠢ ᠪᠣᠯᠭᠠᠬᠤ ᠪᠠᠷ ᠴᠢᠷᠮᠠᠶᠢᠵᠤ ᠪᠠᠶᠢᠨ᠎ᠠ᠃
  科左后旗:春耕备耕正当时01.jpg
     ᠲᠠᠷᠢᠶᠠᠴᠢᠨ ᠡᠷᠦᠬᠡ ᠨᠦᠭᠦᠳ ᠲᠠᠷᠢᠶ᠎ᠠ ᠲᠠᠷᠢᠬᠤ ᠮᠠᠰᠢᠨ ᠢᠶᠠᠨ ᠲᠤᠷᠰᠢᠨ ᠬᠡᠷᠡᠭᠯᠡᠵᠦ ᠪᠠᠶᠢᠨ᠎ᠠ
  科左后旗:春耕备耕正当时02.jpg 
    ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠠᠵᠢᠯᠲᠠᠳ ᠡᠷᠳᠡᠨᠢ ᠰᠢᠰᠢ ᠶᠢᠨ ᠮᠢᠩ ᠡᠷᠪᠡᠬᠡᠢ ᠶᠢᠨ ᠪᠠᠶᠢᠴᠠᠭᠠᠯᠲᠠ ᠶᠢᠨ ᠠᠵᠢᠯ ᠥᠷᠨᠢᠭᠦᠯᠪᠡ
  科左后旗:春耕备耕正当时03.jpg
    ᠲᠠᠷᠢᠶᠠᠴᠢᠨ ᠡᠷᠦᠬᠡ ᠲᠠᠷᠢᠶᠠᠨ ᠦᠷ᠎ᠡ ᠶᠢᠨ ᠬᠡᠳᠦ ᠳᠡᠯᠭᠡᠭᠦᠷ ᠲᠤ ᠣᠴᠢᠵᠤ ᠦᠷ᠎ᠡ ᠰᠣᠩᠭᠤᠨ᠎ᠠ
  科左后旗:春耕备耕正当时04.jpg
    ᠲᠠᠷᠢᠶᠠᠯᠠᠩ ᠤᠨ ᠮᠡᠷᠭᠡᠵᠢᠯᠲᠡᠨ ᠤ ᠵᠢᠯᠣᠭᠤᠳᠤᠯᠭ᠎ᠠ ᠳᠣᠣᠷ᠎ᠠ᠂ ᠲᠠᠷᠢᠶᠠᠴᠢᠨ ᠡᠷᠦᠬᠡ ᠨᠦᠭᠦᠳ ᠤᠰᠤᠨ ᠲᠤᠲᠤᠷᠭ᠎ᠠ ᠶᠢᠨ ᠴᠢᠬᠢ ᠪᠣᠶᠢᠵᠢᠭᠤᠯᠵᠦ ᠪᠠᠶᠢᠨ᠎ᠠ
  科左后旗:春耕备耕正当时05.jpg
    ᠬᠤᠷᠰᠢᠶ᠎ᠠ ᠶᠢᠨ ᠬᠢᠨ ᠴᠢᠬᠢ ᠮᠣᠳᠣ ᠲᠥᠪᠯᠡᠷᠡᠭᠦᠯᠦᠨ ᠪᠣᠶᠢᠵᠢᠭᠤᠯᠵᠤ᠂ ᠴᠢᠬᠢ ᠮᠣᠳᠣ ᠪᠣᠶᠢᠵᠢᠭᠤᠯᠬᠤ ᠶᠠᠰᠤ ᠴᠢᠨᠠᠷ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠨᠡ ᠵᠢᠯ ᠤᠨ ᠠᠮᠤ ᠪᠤᠳᠠᠭᠠᠨ ᠤ ᠭᠠᠷᠤᠯᠲᠠ ᠶᠢ ᠨᠡᠮᠡᠭᠳᠡᠭᠦᠯᠵᠦ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠪᠡ 
  科左后旗:春耕备耕正当时06.jpg
   ᠲᠠᠷᠢᠶᠠᠴᠢᠨ ᠡᠷᠦᠬᠡ ᠦᠷ᠎ᠡ ᠳᠡᠪᠲᠦᠭᠡᠬᠦ ᠵᠡᠷᠭᠡ ᠠᠵᠢᠯ ᠤᠨ ᠳᠠᠷᠠᠭᠠᠯᠠᠯ ᠢ ᠡᠮᠬᠢ ᠵᠢᠷᠤᠮ ᠲᠠᠢ ᠶᠠᠪᠤᠭᠳᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠤᠨ ᠥᠨᠳᠥᠷ ᠪᠦᠲᠦᠮᠵᠢᠲᠡᠢ ᠶᠠᠪᠤᠭᠳᠠᠬᠤ ᠶᠢ ᠪᠠᠲᠤᠯᠠᠨ᠎ᠠ
 科左后旗:春耕备耕正当时07.jpg
    ᠬᠤᠰᠢᠭᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠲᠥᠪ ᠤᠨ ᠠᠵᠢᠯᠲᠠᠨ ᠲᠣᠰᠬᠤᠨ ᠳᠤ ᠣᠷᠣᠵᠤ ᠲᠠᠷᠢᠶᠠᠴᠢᠨ ᠡᠷᠦᠬᠡ ᠳᠤ ᠳᠥᠷᠪᠡᠨ ᠬᠦᠷᠳᠦᠲᠦ ᠲᠡᠷᠭᠡᠨ ᠳᠤ ᠣᠨ ᠤ ᠪᠠᠶᠢᠴᠠᠭᠠᠯᠲᠠ ᠬᠢᠵᠦ᠂ ᠬᠠᠪᠤᠷ ᠤᠨ ᠲᠠᠷᠢᠶᠠᠯᠠᠭ᠎ᠠ ᠶᠢᠨ ᠴᠠᠭ  ᠢ ᠰᠠᠭᠠᠲᠠᠭᠠᠬᠤ ᠦᠭᠡᠢ ᠪᠠᠶᠢᠬᠤ ᠶᠢ ᠪᠠᠲᠤᠯᠠᠪᠠ 
科左后旗:春耕备耕正当时09.jpg
   ᠬᠤᠰᠢᠭᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠤᠨ ᠠᠵᠢᠯᠲᠠᠳ ᠬᠥᠷᠥᠰᠥ ᠰᠢᠷᠣᠢ ᠶᠢ ᠬᠡᠮᠵᠢᠨ ᠪᠤᠷᠳᠤᠭᠤᠷ ᠨᠠᠶᠢᠷᠠᠭᠤᠯᠵᠤ ᠪᠠᠶᠢᠨ᠎ᠠ
科左后旗:春耕备耕正当时08.jpg
     ᠲᠠᠷᠢᠶᠠᠴᠢᠨ ᠡᠷᠦᠬᠡ ᠲᠠᠷᠢᠶᠠᠯᠠᠩ ᠤᠨ ᠪᠣᠷᠳᠣᠭᠤᠷ ᠢᠶᠠᠷ ᠬᠥᠷᠥᠰᠥ ᠰᠢᠷᠣᠢ ᠶᠢ ᠰᠠᠶᠢᠵᠢᠷᠠᠭᠤᠯᠤᠨ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号