ᠬᠤᠰᠢᠭᠤᠨ ᠤ ᠵᠠᠰᠠᠭ ᠤᠨ ᠣᠷᠳᠣᠨ ᠤ ᠡᠯ᠎ᠡ ᠵᠥᠪᠯᠡᠯ᠂ ᠠᠯᠪᠠᠨ ᠭᠡᠷ ᠲᠣᠪᠴᠢᠶ᠎ᠠ᠂ ᠡᠯ᠎ᠡ ᠠᠵᠢᠯ ᠦᠢᠯᠡᠰ ᠤᠨ | ᠨᠢᠭᠡᠴᠡ ᠳᠤ᠄ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠳᠬᠡᠨ ᠬᠤᠪᠢᠷᠠᠭᠤᠯᠵᠤ᠂ ᠵᠠᠰᠠᠭ ᠤᠨ ᠣᠷᠳᠣᠨ ᠤ | ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠂ ᠲᠥᠪ ᠭᠤᠥᠯᠴᠢ ᠡᠮᠬᠢ ᠵᠢᠷᠤᠮ ᠲᠠᠢ ᠡᠵᠡᠩᠨᠡᠯᠲᠡ ᠶᠢᠨ | ᠣᠷᠴᠢᠨ ᠲᠣᠭᠤᠷᠢᠨ ᠪᠠ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠰᠠᠯᠠᠭ᠎ᠠ | ᠮᠥᠴᠢᠷ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ ᠵᠦᠢᠯᠡᠰ ᠤᠨ ᠬᠡᠷᠡᠭᠵᠢᠭᠦᠯᠦᠯᠲᠡ ᠶᠢ ᠵᠢᠷᠤᠮᠵᠢᠭᠤᠯᠬᠤ ᠶᠢᠨ | ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠠᠴᠠ ᠬᠤᠰᠢᠭᠤᠨ ᠤ ᠲᠣᠰ ᠱᠠᠲᠤᠨ ᠳᠤ ᠰᠠᠯᠠᠭ᠎ᠠ ᠮᠥᠴᠢᠷ | ᠠᠯᠤᠰᠯᠠᠨ ᠬᠠᠮᠲᠤᠷᠠᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ | ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠰᠠᠯᠠᠭ᠎ᠠ ᠮᠥᠴᠢᠷ ᠠᠯᠤᠰᠯᠠᠨ | ᠬᠠᠮᠲᠤᠷᠠᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠶᠢ ᠬᠠᠷᠢᠭᠤᠴᠠᠵᠤ᠂ ᠪᠥᠬᠦ ᠠᠵᠢᠯ ᠲᠥᠷᠥᠯ ᠤᠨ ᠬᠢᠨᠠᠨ ᠬᠠᠮᠢᠶᠠᠷᠬᠤ | ᠰᠠᠯᠠᠭ᠎ᠠ ᠮᠥᠴᠢᠷ ᠪᠠ ᠲᠣᠰ ᠠᠵᠢᠯ ᠲᠥᠷᠥᠯ ᠤᠨ ᠪᠤᠰᠤᠳ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ | ᠵᠣᠬᠢᠴᠠᠭᠤᠯᠤᠨ ᠣᠨ ᠤ ᠬᠠᠮᠲᠤᠷᠠᠨ ᠬᠢᠨᠠᠨ ᠬᠠᠮᠢᠶᠠᠷᠬᠤ ᠲᠥᠰᠥᠯ ᠢ ᠲᠣᠭᠲᠠᠭᠠᠵᠤ᠂ ᠬᠤᠰᠢᠭᠤᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯ ᠢ | ᠬᠠᠷᠢᠭᠤᠴᠠᠨ᠎ᠠ᠃ | ᠬᠤᠶᠠᠷ᠂ ᠬᠠᠤᠯᠢ ᠪᠠᠷ ᠲᠣᠭᠲᠠᠭᠠᠭᠰᠠᠨ ᠬᠢᠨᠠᠨ ᠬᠠᠮᠢᠶᠠᠷᠬᠤ ᠤᠳᠠᠭ᠎ᠠ ᠨᠢ ᠵᠢᠯ ᠪᠦᠷᠢ 1 ᠤᠳᠠᠭ᠎ᠠ ᠠᠴᠠ | ᠢᠯᠡᠭᠦᠦ ᠪᠠᠶᠢᠪᠠᠯ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ ᠬᠠᠮᠢᠶᠠᠷᠬᠤ ᠳᠤ ᠣᠷᠣᠯᠴᠠᠵᠤ᠂ ᠬᠠᠮᠲᠤᠷᠠᠨ | ᠬᠢᠨᠠᠨ ᠬᠠᠮᠢᠶᠠᠷᠬᠤ ᠶᠢ ᠪᠦᠷᠬᠦᠭᠦᠯᠬᠦ ᠶᠢᠨ ᠠᠷᠭ᠎ᠠ ᠦᠭᠡᠢ ᠳᠠᠪᠲᠠᠮᠵᠢ ᠤᠳᠠᠭ᠎ᠠ ᠶᠢ ᠥᠪᠡᠰᠦᠪᠡᠨ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠪᠠᠶᠢᠴᠠᠭᠠᠬᠤ ᠬᠡᠷᠡᠭᠴᠡᠭᠡ ᠱᠠᠭᠠᠷᠳᠠᠯᠭ᠎ᠠ ᠨᠢ ᠵᠢᠯ ᠪᠦᠷᠢ 1 ᠤᠳᠠᠭ᠎ᠠ ᠠᠴᠠ ᠪᠠᠭ᠎ᠠ | ᠪᠠᠶᠢᠬᠤ ᠬᠢᠨᠠᠯᠲᠠ ᠲᠠᠯᠪᠢᠵᠤ ᠪᠠᠶᠢᠴᠠᠭᠠᠬᠤ ᠵᠦᠢᠯᠡᠰ ᠲᠤ ᠬᠡᠷᠡᠭᠵᠢᠭᠦᠯᠬᠦ ᠰᠠᠯᠠᠭ᠎ᠠ ᠮᠥᠴᠢᠷ ᠠᠴᠠ ᠪᠣᠳᠠᠲᠠᠢ ᠠᠵᠢᠯ ᠤᠨ | ᠬᠡᠷᠡᠭᠴᠡᠭᠡ ᠶᠣᠰᠣᠭᠠᠷ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠣᠨ ᠤ ᠰᠠᠯᠠᠭ᠎ᠠ | ᠮᠥᠴᠢᠷ ᠠᠯᠤᠰᠯᠠᠨ ᠬᠠᠮᠲᠤᠷᠠᠭᠰᠠᠨ ᠬᠢᠨᠠᠯᠲᠠ ᠬᠠᠮᠢᠶᠠᠷᠤᠯᠲᠠ ᠳᠤ ᠣᠷᠣᠯᠴᠠᠬᠤ ᠡᠰᠡᠬᠦ ᠪᠠᠨ ᠪᠢᠴᠢᠭ ᠢᠶᠠᠷ | ᠲᠣᠳᠣᠷᠬᠠᠶᠢᠯᠠᠵᠤ ᠪᠣᠯᠣᠨ᠎ᠠ᠂ ᠳᠤᠷ᠎ᠠ ᠪᠠᠷ ᠢᠶᠠᠨ ᠪᠠᠶᠢᠴᠠᠭᠠᠯᠲᠠ ᠬᠢᠵᠦ ᠪᠣᠯᠬᠤ ᠦᠭᠡᠢ᠃ | ᠭᠤᠷᠪᠠ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠠᠵᠢᠯ | ᠲᠥᠷᠥᠯ ᠤᠨ ᠢᠶᠠᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ | ᠠᠵᠤ ᠠᠬᠤᠶᠢᠯᠠᠯ ᠳᠤ ᠢᠲᠡᠭᠡᠮᠵᠢ ᠶᠢᠨ ᠲᠦᠭᠰᠢᠭᠦᠷᠢ ᠳᠣᠣᠷ᠎ᠠ ︵A ᠲᠥᠷᠥᠯ︶᠂ ᠢᠲᠡᠭᠡᠮᠵᠢ ᠶᠢᠨ ᠲᠦᠭᠰᠢᠭᠦᠷᠢ | ᠡᠩ ᠤᠨ ︵B ᠲᠥᠷᠥᠯ︶᠂ ᠢᠲᠡᠭᠡᠮᠵᠢ ᠶᠢᠨ ᠲᠦᠭᠰᠢᠭᠦᠷᠢ ᠨᠡᠯᠢᠶᠡᠳ ᠥᠨᠳᠥᠷ ︵C ᠲᠥᠷᠥᠯ︶᠂ | ᠢᠲᠡᠭᠡᠮᠵᠢ ᠶᠢᠨ ᠲᠦᠭᠰᠢᠭᠦᠷᠢ ᠥᠨᠳᠥᠷ ︵D ᠲᠥᠷᠥᠯ︶ ᠵᠡᠷᠭᠡ ᠳᠥᠷᠪᠡᠨ ᠲᠠᠰ ᠶᠣᠰᠣᠭᠠᠷ ᠵᠦᠷᠢᠶᠡᠴᠢᠯᠡᠭᠰᠡᠨ | ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠰᠠᠨᠠᠭᠠᠴᠢᠯᠠᠨ᠎ᠠ᠃ | ᠳᠥᠷᠪᠡ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ ᠬᠠᠮᠢᠶᠠᠷᠬᠤ ᠳᠤ ᠲᠥᠯᠥᠪᠯᠡᠭᠡ ᠪᠠᠷ | ᠳᠠᠩᠰᠠᠯᠠᠭᠤᠯᠬᠤ ᠶᠢ ᠳᠠᠭᠢᠵᠤ ᠬᠡᠷᠡᠭᠯᠡᠬᠦ ᠦᠭᠡᠢ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠮᠲᠤᠷᠠᠨ ᠬᠢᠨᠠᠨ ᠬᠠᠮᠢᠶᠠᠷᠴᠤ ᠳᠠᠭᠤᠰᠤᠭᠰᠠᠨ ᠤ ᠳᠠᠷᠠᠭᠠᠬᠢ 3 ᠠᠵᠢᠯᠯᠠᠬᠤ ᠡᠳᠦᠷ ᠳᠣᠲᠣᠷ᠎ᠠ | ᠬᠡᠷᠡᠭᠵᠢᠭᠦᠯᠦᠭᠰᠡᠨ ᠪᠠᠶᠢᠳᠠᠯ ᠢᠶᠠᠨ ᠬᠤᠷᠢᠶᠠᠩᠭᠤᠶᠢᠯᠠᠵᠤ᠂ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠤ ᠳᠠᠩᠰᠠᠯᠠᠭᠤᠯᠤᠨ᠎ᠠ᠃ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ ᠬᠠᠮᠢᠶᠠᠷᠬᠤ | ᠵᠦᠢᠯᠡᠰ ᠤᠨ ᠨᠠᠷᠢᠨ ᠬᠠᠭᠤᠳᠠᠰᠤ ᠠᠴᠠ ᠭᠠᠳᠠᠨᠠᠬᠢ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠵᠦᠢᠯᠡᠰ ᠲᠤ ᠮᠥᠨ ᠬᠦ ᠬᠡᠪ ᠤᠨ ᠪᠠᠶᠢᠴᠠᠭᠠᠯᠲᠠ ᠶᠢᠨ ᠲᠥᠯᠥᠪᠯᠡᠭᠡ ᠶᠢ | ᠳᠠᠩᠰᠠᠯᠠᠬᠤ ᠪᠠ ᠲᠦᠷ ᠴᠠᠭ ᠤᠨ ᠪᠠᠶᠢᠴᠠᠭᠠᠯᠲᠠ ᠶᠢᠨ ᠳᠠᠷᠠᠭ᠎ᠠ ᠳᠠᠩᠰᠠᠯᠠᠬᠤ ᠳᠦᠷᠢᠮ ᠢ ᠬᠡᠷᠡᠭᠵᠢᠭᠦᠯᠬᠦ ᠬᠡᠷᠡᠭᠲᠡᠢ᠃ | ᠲᠠᠪᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠡᠭᠦᠷᠭᠡ ᠲᠤᠰᠢᠶᠠᠯ ᠢᠶᠠᠨ | ᠭᠦᠢᠴᠡᠳᠬᠡᠭᠰᠡᠨ ᠢ ᠬᠠᠷᠢᠭᠤᠴᠠᠯᠭ᠎ᠠ ᠠᠴᠠ ᠬᠡᠯᠲᠦᠷᠢᠭᠦᠯᠬᠦ ᠳᠦᠷᠢᠮ ᠪᠠᠶᠢᠭᠤᠯᠤᠨ᠂ ᠬᠠᠤᠯᠢ ᠶᠣᠰᠣᠭᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠨ ᠮᠠᠭᠠᠳᠯᠠᠬᠤ ᠪᠠᠷᠢᠮᠵᠢᠶ᠎ᠠ ᠶᠢ ᠲᠣᠳᠣᠷᠬᠠᠶᠢᠯᠠᠵᠤ᠂ ᠨᠥᠬᠦᠴᠡᠯ ᠳᠤ | ᠨᠡᠶᠢᠴᠡᠭᠰᠡᠨ ᠢ ᠨᠢ ᠬᠠᠷᠢᠭᠤᠴᠠᠯᠭ᠎ᠠ ᠠᠴᠠ ᠬᠡᠯᠲᠦᠷᠢᠭᠦᠯᠵᠦ ᠪᠣᠯᠣᠨ᠎ᠠ᠃ | | | 2024 ᠣᠨ ᠤ 4 ᠰᠠᠷ᠎ᠠ ᠶᠢᠨ 8 ᠤ ᠡᠳᠦᠷ | | |