ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠬᠠᠪᠤᠷ ᠤᠨ ᠲᠠᠷᠢᠶᠠᠯᠠᠭ᠎ᠠ ᠶᠢᠨ ᠠᠮᠤᠷ ᠲᠦᠪᠰᠢᠨ ᠤ ᠰᠠᠭᠤᠷᠢ ᠶᠢ ᠪᠠᠳᠤᠳᠬᠠᠪᠠ
ᠨᠡᠶᠢᠲᠡᠯᠡᠭᠰᠡᠨ ᠴᠠᠭ᠄
2024/4/25
ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠬᠠᠪᠤᠷ ᠤᠨ ᠲᠠᠷᠢᠶᠠᠯᠠᠭ᠎ᠠ ᠶᠢᠨ ᠠᠮᠤᠷ ᠲᠦᠪᠰᠢᠨ ᠤ ᠰᠠᠭᠤᠷᠢ ᠶᠢ   ᠪᠠᠳᠤᠳᠬᠠᠪᠠ     ᠣᠳᠣᠬᠠᠨ ᠳᠤ ᠶᠠᠭ ᠰᠠᠶ᠋ᠢᠬᠠᠨ ᠬᠠᠪᠤᠷ ᠤᠨ ᠲᠠᠷᠢᠶᠠᠯᠠᠭ᠎ᠠ ᠶᠢᠨ ᠶᠠᠭᠠᠷᠤ ᠤᠯᠠᠷᠢᠯ ᠪᠤᠯᠤᠨ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ︽ᠰᠢᠵᠢᠷ ᠠᠯᠳᠠᠨ ᠴᠠᠭ︾ ᠢ ᠠᠮᠵᠢᠨ ᠬᠠᠪᠤᠷ ᠤᠨ ᠤᠯᠠᠷᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠠᠮᠤᠷ ᠲᠦᠪᠰᠢᠨ ᠤ ᠰᠠᠭᠤᠷᠢ ᠶᠢ ᠪᠠᠲᠤᠳᠬᠠᠪᠠ᠃ 
  科左后旗:加快高标准农田建设01.jpg  
       ᠨᠤᠭᠤᠰᠤᠳᠠᠢ ᠪᠠᠯᠭᠠᠰᠤᠨ ᠤ ᠶᠡᠭᠡ ᠥᠨᠳᠥᠷ ᠭᠠᠴᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠮᠠᠰᠢᠨ ᠮᠧᠬᠠᠨᠢᠭ ᠬᠦᠷᠴᠢᠬᠢᠨᠡᠵᠦ᠂ ᠪᠠᠷᠢᠯᠭ᠎ᠠ ᠶᠢᠨ ᠠᠵᠢᠯᠲᠠᠳ ᠶᠠᠭ ᠴᠠᠭ ᠢ ᠠᠮᠵᠢᠨ ᠭᠤᠤ ᠰᠤᠪᠠᠭ ᠮᠠᠯᠲᠠᠬᠤ᠂ ᠬᠤᠭᠤᠯᠠᠢ ᠲᠡᠪᠢᠰᠬᠦ ᠵᠡᠷᠭᠡ ᠠᠵᠢᠯ ᠥᠷᠨᠢᠭᠦᠯᠵᠦ ᠪᠠᠶᠢᠯ᠎ᠠ᠃ ᠲᠡᠳᠡ 4 ᠰᠠᠷ᠎ᠠ ᠶᠢᠨ 8 ᠤ ᠡᠳᠦᠷ ᠠᠴᠠ ᠡᠬᠢᠯᠡᠨ ᠪᠠᠷᠢᠯᠭ᠎ᠠ ᠶᠢᠨ ᠮᠠᠰᠢᠨ 12 ᠰᠠᠤᠷᠢ ᠬᠦᠳᠡᠯᠭᠡᠵᠦ᠂ ᠠᠵᠢᠯᠲᠠᠨ 30 ᠭᠠᠷᠤᠢ ᠬᠥᠮᠥᠨ ᠤᠷᠤᠯᠴᠠᠭᠤᠯᠤᠨ ᠠᠵᠢᠯᠯᠠᠵᠤ᠂ ᠵᠢᠱᠢᠯᠲᠡ ᠪᠠᠷ 5 ᠰᠠᠷ᠎ᠠ ᠶᠢᠨ 10 ᠤ ᠡᠳᠦᠷ ᠪᠤᠯᠳᠠᠯ᠎ᠠ ᠪᠤᠶ ᠪᠦᠬᠦᠢ ᠬᠤᠭᠤᠯᠠᠢ ᠶᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠳᠡᠪᠢᠰᠴᠦ ᠲᠠᠭᠤᠰᠬᠠᠬᠤ ᠪᠤᠯᠤᠨ᠎ᠠ᠃     ᠲᠤᠰ ᠭᠠᠴᠠᠭᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠷᠥᠯ ᠵᠦᠢᠯ ᠨᠡᠶᠢᠳᠡ 7506 ᠮᠦ ᠪᠤᠢ᠂ ᠡᠨᠡ ᠵᠢᠯ 6006 ᠮᠦ ᠬᠡᠷᠡᠭᠵᠢᠬᠦᠯᠦᠨ᠎ᠡ᠂ ᠥᠩᠭᠡᠷᠡᠭᠰᠡᠨ ᠳᠤ ᠵᠠᠷᠢᠮ ᠭᠠᠵᠠᠷ ᠤᠨ ᠮᠦ ᠪᠦᠷᠢ ᠶᠢᠨ ᠤᠨᠠᠯᠲᠠ ᠨᠢ 300 ᠵᠢᠩ ᠣᠷᠴᠢᠮ ᠪᠠᠶᠢᠪᠠ᠂ ᠲᠥᠷᠥᠯ ᠵᠦᠢᠯ ᠢ ᠪᠡᠶᠡᠯᠡᠭᠦᠯᠦᠭᠰᠡᠨ ᠤ ᠳᠠᠷᠠᠭ᠎ᠠ ᠮᠦ ᠪᠦᠷᠢ ᠶᠢᠨ ᠤᠨᠠᠯᠲᠠ ᠵᠢᠱᠢᠯᠲᠡ ᠪᠠᠷ 1200 ︱ 1500 ᠵᠢᠩ ᠬᠦᠷᠴᠦ᠂ ᠪᠠᠷᠤᠭ 800 ︱ 900 ᠵᠢᠩ ᠨᠡᠮᠡᠭᠳᠡᠵᠦ᠂ ᠴᠢᠨᠠᠭᠰᠢᠯᠠᠪᠠᠯ 1000 ᠵᠢᠩ ᠠᠴᠠ ᠳᠡᠭᠡᠭᠰᠢ ᠨᠡᠮᠡᠭᠳᠡᠬᠦ ᠪᠤᠯᠤᠨ᠎ᠠ᠃
  科左后旗:加快高标准农田建设02.jpg  
     ᠨᠤᠭᠤᠰᠤᠲᠠᠢ ᠪᠠᠯᠭᠠᠰᠤ ᠶᠢᠨ ᠨᠤᠭᠤᠰᠤᠲᠠᠢ ᠭᠠᠴᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ ᠤᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠲᠠᠯᠠᠪᠠᠶ ᠨᠢ 4992 ᠮᠦ ᠪᠠᠶᠢᠵᠤ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠤᠰᠤᠯᠠᠬᠤ ᠪᠠ ᠤᠰᠤ ᠵᠠᠯᠠᠬᠤ᠂ ᠵᠠᠮ ᠪᠠ ᠪᠠᠷᠢᠯᠭ᠎ᠠ᠂ ᠲᠠᠷᠢᠶᠠᠨ ᠭᠠᠵᠠᠷ ᠤᠨ ᠬᠠᠯᠬᠠᠪᠴᠢ ᠣᠶ᠂ ᠮᠠᠰᠢᠨ ᠴᠠᠬᠢᠯᠭᠠᠨ ᠤ ᠲᠥᠬᠦᠭᠡᠷᠦᠮᠵᠢ ᠵᠢᠴᠢ ᠤᠭᠰᠠᠷᠠᠬᠤ ᠵᠡᠷᠭᠡ ᠶᠢ ᠪᠠᠭᠲᠠᠭᠠᠭᠰᠠᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠᠭᠳᠠᠨ᠎ᠠ᠃ ᠣᠲᠣ ᠨᠢᠭᠡᠨᠲᠡ 1000 ᠮᠦ ᠣᠷᠴᠢᠮ ᠢ ᠪᠡᠶᠡᠯᠡᠭᠦᠯᠪᠡ᠃ ᠥᠩᠭᠡᠷᠡᠭᠰᠡᠨ ᠳᠤ ᠲᠤᠰ ᠭᠠᠴᠠᠭ᠎ᠠ ᠭᠤᠣᠯᠳᠠᠭᠤ ᠪᠠᠶᠢᠭᠠᠯᠢ ᠶᠢᠨ ᠴᠢᠷᠠᠢ ᠶᠢ ᠬᠠᠷᠠᠵᠤ ᠲᠠᠷᠢᠶ᠎ᠠ ᠲᠠᠷᠢᠵᠤ ᠪᠠᠶᠢᠵᠠᠢ ᠂ ᠮᠠᠰᠢᠨ ᠴᠠᠬᠢᠯᠭᠠᠨ ᠬᠤᠳᠳᠤᠭ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ   ᠶᠢᠨ ᠲᠦᠷᠦᠯ ᠵᠦᠢᠯ ᠪᠠᠶᠢᠵᠠᠢ᠂ ᠤᠤᠯ ᠨᠢ ᠮᠦ ᠪᠦᠷᠢ ᠶᠢᠨ ᠤᠨᠠᠯᠲᠠ ᠨᠢ 600 ᠵᠢᠩ ᠠᠴᠠ 700 ᠵᠢᠩ ᠣᠷᠴᠢᠮ ᠪᠠᠶᠢᠪᠠ᠂ ᠡᠨᠡ ᠵᠢᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ  ᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠵᠢᠱᠢᠯᠳᠡ ᠪᠠᠷ ᠮᠦ ᠨᠢᠭᠡᠴᠡ ᠶᠢᠨ ᠤᠨᠠᠯᠲᠠ ᠨᠢ 500 ᠵᠢᠩ ᠣᠷᠴᠢᠮ ᠨᠡᠮᠡᠭᠳᠡᠵᠦ᠂ ᠮᠦ ᠪᠦᠷᠢ ᠶᠢᠨ ᠤᠨᠠᠯᠲᠠ ᠨᠢ 1200 ᠵᠢᠩ ᠢ ᠲᠠᠪᠠᠭ᠋ᠤ ᠪᠤᠯᠤᠨ᠎ᠠ᠃   ᠲᠥᠯᠦᠪᠵᠢᠭᠦᠯᠭᠡ ᠶᠢ ᠦᠨᠳᠦᠰᠦᠯᠡᠪᠡᠯ᠂ ᠡᠨᠡ ᠵᠢᠯ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠨᠡᠶᠢᠳᠡ 10.14 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 23159.41 ᠲᠦᠮᠡᠨ ᠲᠥᠭᠦᠷᠢᠭ ᠪᠠᠶᠢᠵᠤ᠂ 6 ᠰᠤᠮᠤ ᠪᠠᠯᠭᠠᠰᠤ ᠶᠢᠨ 19 ᠭᠠᠴᠠᠭ᠎ᠠ ᠲᠣᠰᠬᠤᠨ ᠳᠤ ᠬᠤᠯᠪᠣᠭᠳᠠᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ ᠵᠢᠱᠢᠯᠲᠡ ᠪᠠᠷ ᠮᠦ ᠪᠦᠷᠢ ᠳᠤ 110 ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠵᠤ᠂ ᠮᠦ ᠪᠦᠷᠢ ᠶᠢᠨ ᠤᠨᠠᠯᠲᠠ ᠶᠢ 200 ᠺᠢᠯᠣᠭ᠍ᠷᠠᠮ ᠠᠴᠠ ᠳᠡᠭᠡᠭᠰᠢ ᠨᠡᠮᠡᠭᠳᠡᠬᠦᠯᠬᠦ ᠪᠤᠯᠤᠨ᠎ᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号