4 ᠰᠠᠷ᠎ᠠ ᠶᠢᠨ 23 ᠠᠴᠠ 24 ᠤ ᠡᠳᠦᠷ ᠪᠣᠯᠲᠠᠯ᠎ᠠ᠂ ᠬᠤᠰᠢᠭᠤᠨ ᠨᠠᠮ ᠤᠨ ᠬᠤᠷᠢᠶ᠎ᠠ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠤᠨ ᠰᠤᠷᠤᠯᠴᠠᠯᠭ᠎ᠠ ᠶᠢᠨ ᠭᠤᠣᠯ | ᠳᠤᠭᠤᠶᠢᠯᠠᠩ ᠤᠨ 2024 ᠣᠨ ᠤ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠡᠷᠭᠢᠯᠡᠵᠦ᠂ ᠰᠢ ᠶᠢᠨ | ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ | ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠤᠨ | ᠳᠦᠷᠢᠮ︾ ᠢ ᠬᠢᠨᠠᠮᠠᠭᠠᠢ ᠰᠤᠷᠤᠯᠴᠠᠨ ᠣᠶᠢᠯᠠᠭᠠᠵᠤ᠂ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠭᠦᠨᠵᠡᠭᠡᠢ ᠥᠷᠨᠢᠬᠦ ᠶᠢ ᠵᠢᠱᠢᠶ᠎ᠡ ᠦᠵᠡᠭᠦᠯᠦᠨ ᠲᠠᠶᠢᠴᠢᠯᠠᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠶᠧ ᠴᠦᠨ ᠾᠧ ᠬᠤᠷᠠᠯ ᠡᠷᠭᠢᠯᠡᠪᠡ᠃ | | ᠨᠣᠮ ᠤᠩᠰᠢᠬᠤ ᠠᠩᠭᠢ ᠬᠤᠪᠢ ᠬᠥᠮᠥᠨ ᠥᠪᠡᠷ ᠢᠶᠠᠨ ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ᠂ | ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠪᠠᠷ ᠶᠠᠪᠤᠭᠳᠠᠭᠤᠯᠪᠠ᠃ ᠬᠤᠶᠠᠷ ᠡᠳᠦᠷ ᠤᠨ | ᠲᠤᠷᠰᠢ᠂ ᠬᠤᠷᠠᠯ ᠳᠤ ᠣᠷᠣᠯᠴᠠᠭᠰᠠᠨ ᠤᠳᠤᠷᠢᠳᠬᠤ ᠨᠥᠬᠦᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠤᠨ ᠲᠣᠭᠤᠷᠢᠨ ᠳᠤ ᠲᠡᠷᠡ ᠬᠡᠪ ᠢᠶᠠᠷ ᠨᠢ ᠰᠤᠷᠤᠯᠴᠠᠵᠤ᠂ ᠦᠭᠡ | ᠥᠭᠦᠯᠡᠪᠦᠷᠢ ᠳᠠᠷᠠᠭᠠᠯᠠᠨ ᠰᠤᠷᠤᠯᠴᠠᠵᠤ᠂ ᠠᠰᠠᠭᠤᠳᠠᠯ ᠳᠤ ᠴᠢᠭᠯᠡᠭᠦᠯᠦᠨ ᠰᠤᠷᠤᠯᠴᠠᠵᠤ᠂ ᠰᠤᠳᠤᠯᠤᠨ ᠶᠠᠷᠢᠯᠴᠠᠵᠤ | ᠰᠣᠯᠢᠯᠴᠠᠬᠤ ᠶᠢ ᠭᠦᠨᠵᠡᠭᠡᠢ ᠥᠷᠨᠢᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠳᠬᠠᠨ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢ ᠬᠡᠷᠡᠭᠵᠢᠭᠦᠯᠬᠦ | ᠴᠢᠳᠠᠪᠤᠷᠢ ᠪᠠᠨ ᠳᠡᠭᠡᠭᠰᠢᠯᠡᠭᠦᠯᠪᠡ᠃ ᠤᠯᠠᠨ ᠢᠶᠠᠷ ᠢᠶᠠᠨ᠂ ︽ᠳᠦᠷᠢᠮ︾ ᠤᠨ ᠰᠤᠷᠤᠯᠴᠠᠯᠭ᠎ᠠ ᠶᠢ ᠡᠳᠦᠷ | ᠲᠤᠳᠤᠮ ᠤᠨ ᠠᠵᠢᠯ ᠳᠤ ᠠᠭᠤᠰᠬᠠᠵᠤ᠂ ᠪᠠᠶᠢᠩᠭᠤ ᠠᠳᠬᠤᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ | ᠴᠢᠨᠠᠭᠰᠢᠳᠠ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ︽ᠰᠠᠬᠢᠯᠭ᠎ᠠ ᠪᠠᠲᠤ ᠶᠢ | ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ ᠰᠠᠬᠢᠬᠤ | ︾ ᠬᠡᠪ ᠳᠠᠭᠤᠷᠢᠶᠠᠯ ᠪᠣᠯᠬᠤ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃ | ᠰᠢᠶᠧ ᠴᠦᠨ ᠾᠧ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠥᠷᠨᠢᠭᠦᠯᠬᠦ | ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠠᠴᠠ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠶᠢᠨ ᠲᠥᠯᠥᠭᠡ ᠭᠠᠷᠭᠠᠭᠰᠠᠨ ᠴᠢᠬᠤᠯᠠ | ᠠᠷᠭ᠎ᠠ ᠬᠡᠮᠵᠢᠶ᠎ᠡ ᠮᠥᠨ᠂ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠨᠢᠭᠡᠨ ᠴᠢᠬᠤᠯᠠ ᠡᠭᠦᠷᠭᠡ ᠮᠥᠨ | ᠃ ᠬᠤᠰᠢᠭᠤ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ | ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠢ ᠥᠷᠨᠢᠭᠦᠯᠵᠦ᠂ ᠨᠠᠩ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠤ︾ ᠶᠢ ᠡᠷᠡᠰ | ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠪᠠᠲᠤ ᠴᠡᠭᠡᠵᠢᠯᠡᠵᠦ᠂ ᠦᠶᠯᠡ ᠠᠵᠢᠯᠯᠠᠭ᠎ᠠ ᠳᠠᠭᠠᠨ | ᠨᠠᠶᠢᠳᠠᠪᠤᠷᠢᠵᠢᠭᠤᠯᠬᠤ ᠬᠡᠷᠡᠭᠲᠡᠢ᠃ | ᠰᠢᠶᠧ ᠴᠦᠨ ᠾᠧ᠂ ᠡᠯ᠎ᠡ ᠱᠠᠲᠤᠨ ᠤ ᠤᠳᠤᠷᠢᠳᠬᠤ ᠺᠠᠳ᠋ᠷ ᠪᠣᠯ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠣᠷᠣᠯᠴᠠᠭᠴᠢ ᠪᠣᠯᠬᠤ ᠪᠠᠷ ᠪᠠᠷᠠᠬᠤ ᠦᠭᠡᠢ ᠨᠡᠩ ᠴᠤ ᠠᠬᠢᠭᠤᠯᠤᠭᠴᠢ ᠮᠥᠨ᠂ | ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ ᠲᠦᠷᠦᠭᠦᠯᠡᠨ ︽ᠳᠦᠷᠢᠮ︾ | ᠢ ᠰᠤᠷᠤᠯᠴᠠᠵᠤ᠂ ᠲᠦᠷᠦᠭᠦᠯᠡᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ︽ | ᠵᠠᠩᠭᠢᠯᠠᠭ᠎ᠠ ᠶᠢᠨ ᠴᠥᠭᠡᠨ ᠲᠣᠭᠠᠲᠠᠨ︾ ᠢᠶᠠᠷ ︽ᠵᠣᠩᠬᠢᠯᠠᠬᠤ ᠤᠯᠠᠨ ᠲᠣᠭᠠᠲᠠᠨ︾ ᠢ ᠲᠠᠶᠢᠴᠢᠯᠠᠵᠦ᠂ ︽ᠳᠦᠷᠢᠮ | ︾ ᠢ ᠤᠶᠤᠨ ᠲᠠᠷᠢᠬᠢᠨ ᠳᠤ ᠬᠠᠳᠠᠩᠰᠢᠭᠤᠯᠵᠤ ᠰᠡᠳᠬᠢᠯ ᠳᠤ ᠬᠠᠳᠠᠩᠰᠢᠭᠤᠯᠬᠤ ᠶᠢ ᠨᠡᠩ ᠰᠠᠶᠢᠲᠤᠷ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠭᠤᠣᠯ ᠴᠣᠭᠴᠠ ᠶᠢᠨ | ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ | ᠶᠡᠷᠦᠩᠬᠡᠢ ᠱᠠᠭᠠᠷᠳᠠᠯᠭ᠎ᠠ ᠪᠠ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ | ᠲᠣᠬᠢᠷᠠᠭᠤᠯᠤᠯᠲᠠ ᠶᠢ ᠨᠠᠷᠢᠯᠢᠭᠵᠢᠭᠤᠯᠵᠤ᠂ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠵᠢᠷᠭᠤᠭᠠᠨ | ᠵᠦᠢᠯ ᠤᠨ ᠪᠣᠳᠠᠲᠠᠢ ᠠᠵᠢᠯ ᠢ ᠭᠦᠨᠵᠡᠭᠡᠢ ᠠᠳᠬᠤᠨ ᠪᠣᠳᠠᠲᠠᠢ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ | ᠬᠡᠷᠡᠭᠵᠢᠭᠦᠯᠬᠦ ᠵᠡᠷᠭᠡ ᠲᠠᠢ ᠨᠢᠭᠲᠠ ᠤᠶᠠᠯᠳᠤᠭᠤᠯᠵᠤ᠂ ᠲᠡᠮᠦᠷ ᠮᠡᠲᠦ ᠰᠠᠬᠢᠯᠭ᠎ᠠ ᠪᠠᠲᠤ ᠪᠠᠷ ᠬᠥᠭᠵᠢᠯᠲᠡ ᠶᠢ | ᠬᠠᠮᠠᠭᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠮᠵᠢ ᠪᠠᠷ ᠨᠠᠮ ᠤᠨ ᠰᠠᠬᠢᠯᠭ᠎ᠠ ᠪᠠᠲᠤ ᠶᠢᠨ |