ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠬᠠᠪᠤᠷ ᠤᠨ ᠤᠯᠠᠷᠢᠯ ᠤᠨ ᠠᠮᠢᠲᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/4/28
   ᠬᠠᠪᠤᠷ ᠤᠨ ᠤᠯᠠᠷᠢᠯ ᠤᠨ ᠠᠮᠢᠲᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠬᠤᠰᠢᠭᠤᠨ ᠤ ᠠᠮᠢᠲᠠᠨ ᠤ  ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠪᠥᠬᠦ ᠬᠤᠰᠢᠭᠤᠨ ᠤ ᠮᠠᠯ ᠤᠨ ᠡᠮᠴᠢ ᠪᠠ ᠲᠣᠰᠬᠤᠨ ᠤ ᠲᠠᠰ ᠤᠨ ᠠᠮᠢᠲᠠᠨ ᠤ ᠬᠢᠵᠢᠭ ᠰᠡᠷᠭᠡᠶᠢᠯᠡᠭᠴᠢ ᠶᠢ ᠵᠣᠬᠢᠶᠠᠨ ᠪᠠᠶᠢᠭᠤᠯᠵᠤ᠂ ᠠᠶᠢᠯ ᠲᠣᠰᠬᠤᠨ ᠳᠤ ᠬᠦᠷᠴᠦ ︽ᠬᠠᠪᠤᠷ ᠤᠨ ᠰᠡᠷᠭᠡᠶᠢᠯᠡᠯᠲᠡ︾  ᠶᠢᠨ ᠠᠵᠢᠯ ᠦᠷᠨᠢᠭᠦᠯᠵᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ᠪᠥᠬᠦ ᠬᠤᠰᠢᠭᠤᠨ ᠤ ᠮᠠᠯ ᠠᠵᠤ ᠠᠬᠤᠢ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠬᠠᠮᠠᠭᠠᠯᠠᠵᠤ ᠪᠠᠶᠢᠨ᠎ᠠ᠃ 
  走村入户忙“春防” 01.jpg  
    ᠷᠦᠩ ᠬᠤᠸᠠ ᠲᠡᠵᠢᠭᠡᠨ ᠦᠷᠡᠵᠢᠭᠦᠯᠬᠦ ᠲᠠᠯᠠᠪᠠᠢ ᠳᠤ᠂ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠲᠣᠰᠬᠤᠨ ᠤ ᠳᠡᠰ ᠤᠨ ᠬᠢᠵᠢᠭ ᠰᠡᠷᠭᠡᠶᠢᠯᠡᠭᠴᠢ ᠯᠢ ᠬᠤᠢ ᠯᠢᠶᠠᠩ ᠲᠡᠵᠢᠭᠡᠨ ᠦᠷᠡᠵᠢᠭᠦᠯᠬᠦ ᠲᠠᠯᠠᠪᠠᠢ ᠶᠢᠨ 200 ᠭᠠᠷᠤᠢ ᠦᠬᠡᠷ ᠲᠤ ᠰᠦᠢᠳᠬᠡᠯ ᠬᠤᠷᠢᠶᠠᠬᠤ ᠦᠭᠡᠢ ᠪᠠᠷ ᠱᠦᠯᠬᠦᠭᠡ ᠡᠪᠡᠳᠴᠢᠨ ᠤ ᠸᠠᠺᠽᠢᠨ ᠲᠠᠷᠢᠬᠤ ᠪᠠᠷ ᠶᠠᠭᠠᠷᠠᠯᠳᠤᠵᠤ ᠪᠠᠶᠢᠯ᠎ᠠ᠃
  走村入户忙“春防” 02.jpg
    ᠠᠮᠢᠳᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠢᠵᠢᠭ ᠰᠡᠷᠭᠡᠶᠢᠯᠡᠭᠴᠢ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠦᠢᠯᠡᠴᠢᠯᠡᠭᠡ ᠬᠠᠩᠭᠠᠵᠤ᠂ ᠡᠪᠡᠳᠴᠢᠨ ᠡᠮᠭᠡᠭ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠵᠦ ᠪᠠᠶᠢᠨ᠎ᠠ᠃ ᠡᠬᠦᠨ ᠳᠤ ᠭᠤᠣᠯᠳᠠᠭᠤ ᠪᠣᠭᠤᠮ᠎ᠠ ᠡᠪᠡᠳᠴᠢᠨ᠂ ᠦᠬᠡᠷ ᠤᠨ ᠭᠦᠪᠲᠦᠷᠦᠦ᠂ ᠪᠷᠦ᠋ᠼᠧᠯ ᠡᠪᠡᠳᠴᠢᠨ᠂ ᠱᠦᠯᠬᠦᠭᠡ ᠡᠪᠡᠳᠴᠢᠨ ᠤ ᠸᠠᠺᠼᠢᠨ ᠤ ᠲᠠᠷᠢᠯᠭ᠎ᠠ ᠬᠢᠵᠦ᠂ ᠪᠠᠰᠠ ᠲᠡᠵᠢᠭᠡᠨ ᠦᠷᠡᠵᠢᠭᠦᠯᠬᠦ ᠲᠠᠯᠠᠪᠠᠶ ᠶᠢ ᠠᠷᠢᠭᠤᠳᠬᠠᠨ ᠦᠭᠴᠦ ᠪᠠᠶᠢᠨ᠎ᠠ᠃
  走村入户忙“春防” 03.jpg 
     ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠠᠯ᠎ᠠ ᠪᠠᠷ᠂ ᠮᠠᠨ ᠤ ᠬᠤᠰᠢᠭᠤ ︽ᠮᠠᠯ ᠤᠨᠤᠭ᠎ᠠ ᠶᠢᠨ ᠡᠪᠡᠳᠴᠢᠨ ᠬᠢᠵᠢᠭ ᠬᠦᠮᠦᠨ ᠳᠤ ᠬᠠᠯᠳᠠᠪᠤᠷᠢᠯᠠᠬᠤ ᠶᠢ  ᠰᠡᠷᠭᠡᠶᠢᠯᠡᠬᠦ᠂ ᠰᠡᠷᠬᠡᠶᠢᠯᠡᠯᠳᠡ ᠶᠢᠨ ᠪᠣᠭᠤᠮᠲᠠ ᠶᠢ ᠡᠮᠦᠨᠡᠰᠢ ᠰᠢᠯᠵᠢᠭᠦᠯᠬᠦ᠂ ᠰᠡᠷᠭᠡᠶᠢᠯᠡᠬᠦ ᠪᠠᠷ ᠭᠤᠣᠯ ᠪᠣᠯᠭᠠᠬᠤ︾ ᠵᠠᠷᠴᠢᠮ ᠢ ᠪᠠᠷᠢᠮᠲᠠᠯᠠᠨ᠂ ᠬᠤᠰᠢᠭᠤ᠂ ᠰᠤᠮᠤ ᠪᠠᠯᠭᠠᠰᠤ ᠲᠠᠯᠠᠪᠠᠢ᠂ ᠭᠠᠴᠠᠭ᠎ᠠ ᠲᠣᠰᠬᠤᠨ ᠭᠤᠷᠪᠠᠨ ᠱᠠᠲᠤᠨ ᠤ ᠨᠢᠭᠡᠳᠦᠯᠲᠡᠢ ᠲᠥᠯᠦᠪᠵᠢᠭᠦᠯᠭᠡ ᠶᠢ ᠴᠢᠩᠬᠠᠳᠬᠠᠵᠤ᠂ ᠪᠷᠦ᠋ᠼᠧᠯ ᠡᠪᠡᠳᠴᠢᠨ᠂ ᠱᠦᠯᠬᠦᠭᠡ ᠡᠪᠡᠳᠴᠢᠨ᠂ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠵᠢᠵᠢᠭ ᠬᠢᠪᠢᠭᠴᠢ ᠠᠮᠢᠳᠠᠨ ᠤ ᠬᠢᠵᠢᠭ ᠵᠡᠷᠭᠡ ᠠᠮᠢᠲᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠠᠳᠬᠤᠪᠠ᠃ ᠡᠭᠦᠨ ᠤ ᠬᠠᠮᠲᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠮᠠᠯ ᠵᠢᠭᠦᠷᠲᠡᠨ ᠤ ᠡᠭᠡᠯᠢᠯᠡᠭᠡ ᠶᠢᠨ ᠸᠠᠺᠼᠢᠨ ᠢ ᠢᠳᠡᠪᠬᠢᠲᠡᠢ ᠵᠣᠬᠢᠴᠠᠭᠤᠯᠵᠤ᠂ ᠡᠯ᠎ᠡ ᠰᠤᠮᠤ ᠪᠠᠯᠭᠠᠰᠤ ᠲᠠᠯᠠᠪᠠᠶ ᠳᠤ ᠨᠢᠭᠡᠳᠦᠯᠲᠡᠢ ᠲᠦᠭᠡᠭᠡᠨ ᠥᠭᠴᠦ᠂ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠬᠠᠷᠢᠶᠠᠲᠤ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠲᠥᠪᠯᠡᠷᠡᠭᠦᠯᠦᠨ ᠡᠭᠡᠯᠢᠯᠡᠭᠡ ᠶᠢ ᠰᠡᠷᠭᠡᠶᠢᠯᠡᠬᠦ ᠪᠠ ᠲᠠᠷᠢᠯᠭ᠎ᠠ ᠶᠢ ᠨᠥᠬᠦᠪᠦᠷᠢᠯᠡᠬᠦ ᠶᠢ ᠤᠶᠠᠯᠳᠤᠭᠤᠯᠬᠤ ᠠᠷᠭ᠎ᠠ ᠶᠢ ᠬᠡᠷᠡᠭᠵᠢᠭᠦᠯᠦᠨ᠂ ᠲᠠᠷᠠᠬᠠᠢ ᠲᠡᠵᠢᠭᠡᠵᠦ ᠪᠠᠶᠢᠭ᠎ᠠ ᠮᠠᠯ ᠵᠢᠭᠦᠷᠲᠡᠨ ᠳᠤ ᠲᠥᠪᠯᠡᠷᠡᠭᠦᠯᠦᠨ ᠡᠭᠡᠯᠢᠯᠡᠭᠡ ᠬᠢᠵᠦ᠂ ᠰᠢᠨ᠎ᠡ ᠨᠡᠮᠡᠭᠳᠡᠭᠰᠡᠨ ᠮᠠᠯ ᠵᠢᠭᠦᠷᠲᠡᠨ ᠳᠤ ᠴᠠᠭ ᠲᠤᠬᠠᠢ ᠳᠤᠨᠢ ᠡᠭᠡᠯᠢᠯᠡᠭᠡ ᠨᠥᠬᠦᠪᠦᠷᠢᠯᠡᠵᠦ᠂ ᠭᠤᠭᠤᠵᠢᠭᠳᠠᠭᠤᠯᠵᠤ ᠤᠷᠬᠢᠭᠳᠠᠭᠤᠯᠬᠤ ᠦᠭᠡᠢ ᠪᠠᠶᠢᠬᠤ ᠶᠢ ᠪᠠᠳᠤᠯᠠᠵᠤ᠂ ᠡᠭᠡᠯᠢᠯᠡᠭᠡ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠪᠠᠳᠤᠯᠠᠪᠠ᠃ ᠣᠲᠣ ᠪᠣᠯᠲᠠᠯ᠎ᠠ᠂ ᠦᠬᠡᠷ ᠬᠤᠨᠢᠨ ᠤ ᠱᠦᠯᠬᠦᠭᠡ ᠡᠪᠡᠳᠴᠢᠨ ᠤ ᠸᠠᠺᠼᠢᠨ 1349800 ᠮᠢᠯᠢᠯᠢᠲᠷ᠂ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ ᠸᠠᠺᠼᠢᠨ 679800 ᠮᠢᠯᠢᠯᠢᠲᠷ᠂ ᠵᠢᠵᠢᠭ ᠬᠢᠪᠢᠭᠴᠢ ᠠᠮᠢᠳᠡᠨ ᠤ ᠬᠢᠵᠢᠭ ᠰᠡᠷᠬᠡᠶᠢᠯᠡᠬᠦ ᠸᠠᠺᠽᠢᠨ 782200 ᠬᠤᠪᠢ᠂ ᠪᠷᠦ᠋ᠼᠧᠯ ᠡᠪᠡᠳᠴᠢᠨ ︵M5-90︶ ᠤ ᠸᠠᠺᠼᠢᠨ 229200 ᠬᠤᠪᠢ᠂ ᠪᠷᠦ᠋ᠼᠧᠯ ᠡᠪᠡᠳᠴᠢᠨ ︵A19︶ ᠤ ᠸᠠᠺᠼᠢᠨ 33700 ᠬᠤᠪᠢ᠂ ᠭᠠᠭ᠋ᠠᠢ ᠶᠢᠨ ᠱᠦᠯᠬᠦᠭᠡ ᠡᠪᠡᠳᠴᠢᠨ ᠤ ᠸᠠᠺᠼᠢᠨ 22000 ᠬᠤᠪᠢ᠂ ᠭᠠᠭ᠋ᠠᠢ ᠶᠢᠨ ᠬᠢᠵᠢᠭ ᠤᠨ ᠸᠠᠺᠼᠢᠨ 40000 ᠬᠤᠪᠢ᠂ ᠭᠠᠭ᠋ᠠᠢ ᠶᠢᠨ ᠬᠥᠬᠡ ᠴᠢᠬᠢᠳᠦ ᠡᠪᠡᠳᠴᠢᠨ ᠤ ᠸᠠᠺᠼᠢᠨ 40000 ᠬᠤᠪᠢ ᠲᠦᠭᠡᠭᠡᠵᠡᠢ᠃ ᠵᠢᠱᠢᠯᠲᠡ ᠪᠠᠷ᠂ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠰᠡᠷᠬᠡᠶᠢᠯᠡᠬᠦ ᠸᠠᠺᠼᠢᠨ ᠤ ᠲᠠᠷᠢᠯᠭ᠎ᠠ 5 ᠰᠠᠷ᠎ᠠ ᠶᠢᠨ ᠳᠤᠮᠳᠠᠴᠢ ᠠᠴᠠ ᠡᠮᠦᠨ᠎ᠡ ᠳᠠᠭᠤᠰᠬᠤ ᠪᠣᠯᠣᠨ᠎ᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号