4 ᠰᠠᠷ᠎ᠠ ᠶᠢᠨ 27 ᠤ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠰᠢᠷ᠎ᠠ ᠪᠤᠷᠴᠠᠭ ᠤᠨ | ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠡᠬᠢᠯᠡᠯᠲᠡ ᠶᠢᠨ ᠬᠤᠷᠠᠯ ᠵᠢᠴᠢ ᠭᠠᠵᠠᠷ ᠲᠡᠭᠰᠢᠯᠡᠨ ᠲᠠᠷᠢᠬᠤ | ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠪᠠᠭᠠᠳᠠᠯ᠎ᠠ ᠰᠤᠮᠤ ᠶᠢᠨ ᠶᠡᠬᠡᠪᠤᠯᠠᠭ ᠭᠠᠴᠠᠭ᠎ᠠ ᠳᠤ | ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ | ᠲᠤᠬᠠᠢ ᠶᠢᠨ ᠲᠠᠯᠠᠪᠠᠶ ᠳᠤ ᠢᠷᠡᠵᠦ ᠵᠢᠭᠠᠨ ᠵᠢᠯᠤᠭᠤᠳᠬᠤ ᠶᠢᠨ ᠬᠠᠮᠲᠤ ᠶᠠᠷᠢᠶ᠎ᠠ ᠲᠠᠯᠪᠢᠵᠤ᠂ ᠬᠤᠰᠢᠭᠤᠨ ᠤ | ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠸᠠᠩ ᠶᠢᠨ ᠴᠢᠶᠠᠩ ᠬᠤᠷᠠᠯ ᠡᠷᠭᠢᠯᠡᠪᠡ᠃ | | | 27 ᠤ ᠡᠳᠦᠷ ᠤᠨ ᠦᠳᠡ ᠶᠢᠨ ᠡᠮᠦᠨ᠎ᠡ᠂ ᠬᠤᠲᠠ᠂ ᠬᠤᠰᠢᠭᠤᠨ ᠤ ᠲᠠᠷᠢᠶᠠᠯᠠᠩ ᠤᠨ ᠲᠤᠰᠬᠠᠢ ᠮᠡᠷᠭᠡᠵᠢᠯᠲᠡᠨ | ᠶᠡᠬᠡᠪᠤᠯᠠᠭ ᠭᠠᠴᠠᠭ᠎ᠠ ᠳᠤ ᠴᠤᠭᠯᠠᠷᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠰᠢᠷ᠎ᠠ ᠪᠤᠷᠴᠠᠭ ᠤᠨ ᠲᠠᠯᠠᠪᠠᠶ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ ᠭᠤᠣᠯᠳᠠᠯᠭ᠎ᠠ ᠶᠢ ᠲᠠᠶᠢᠯᠪᠤᠷᠢᠯᠠᠨ ᠥᠭᠴᠦ᠂ | ᠲᠠᠷᠢᠶᠠᠯᠠᠩ ᠤᠨ ᠮᠡᠷᠭᠡᠵᠢᠯ ᠤᠨ ᠬᠠᠮᠢᠶ᠎ᠠ ᠪᠦᠬᠦᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ | ᠲᠤᠬᠠᠢ ᠶᠢᠨ ᠲᠠᠯᠠᠪᠤᠷ ᠲᠤ ᠳᠠᠷᠢᠬᠤ ᠦᠵᠡᠭᠦᠯᠦᠯᠭᠡ ᠬᠢᠪᠡ᠃ | | | ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠠᠷ ᠨᠢᠭᠡᠳᠦᠯᠲᠡᠢ ᠵᠢᠯᠣᠭᠤᠳᠤᠯᠭ᠎ᠠ ᠪᠣᠯᠭᠠᠵᠤ᠂ ︽ᠠᠮᠤ ᠪᠤᠳᠠᠭ᠎ᠠ ᠶᠢ | ᠬᠠᠳᠠᠭᠠᠯᠠᠬᠤ ᠳᠤ ᠭᠠᠵᠠᠷ ᠰᠢᠷᠣᠢ ᠳᠤ ᠦᠢᠯᠡᠴᠢᠯᠡᠬᠦ᠂ ᠠᠮᠤ ᠪᠤᠳᠠᠭ᠎ᠠ ᠶᠢ ᠬᠠᠳᠠᠭᠠᠯᠠᠬᠤ ᠳᠤ ᠮᠡᠷᠭᠡᠵᠢᠯ ᠳᠤ | ᠦᠢᠯᠡᠴᠢᠯᠡᠬᠦ︾ ᠪᠠᠶᠢᠯᠳᠤᠬᠤ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠵᠢᠯ ᠤᠨ ᠠᠮᠤ | ᠪᠤᠳᠠᠭᠠᠨ ᠤ ᠡᠯᠪᠡᠭ ᠬᠤᠷᠢᠶᠠᠯᠲᠠ ᠶᠢᠨ ᠲᠣᠭᠤᠷᠢᠨ ᠳᠤ᠂ ᠡᠷᠳᠡᠨᠢ ᠰᠢᠰᠢ ᠪᠣᠯᠣᠨ ᠰᠢᠷ᠎ᠠ ᠪᠤᠷᠴᠠᠭ ᠤᠨ ᠲᠠᠯᠠᠪᠠᠢ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠠᠷᠢᠮᠠᠯ ᠤᠨ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠶᠡᠬᠡᠪᠡᠷ | ᠳᠡᠯᠭᠡᠷᠡᠭᠦᠯᠵᠦ᠂ ᠬᠠᠷᠢᠯᠴᠠᠨ ᠲᠣᠯᠢ ᠪᠣᠯᠭᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠰᠣᠯᠢᠯᠴᠠᠵᠤ᠂ ᠠᠮᠤ | ᠪᠤᠳᠠᠭ᠎ᠠ ᠶᠢ ᠲᠣᠭᠲᠠᠪᠤᠷᠢᠵᠢᠭᠤᠯᠵᠤ ᠪᠤᠷᠴᠠᠭ ᠢ ᠥᠷᠭᠡᠳᠬᠡᠬᠦ᠂ ᠡᠯᠪᠡᠭ ᠬᠤᠷᠢᠶᠠᠯᠲᠠ ᠣᠯᠬᠤ ᠶᠢ ᠴᠢᠷᠮᠠᠶᠢᠨ | ᠪᠡᠶᠡᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠠᠷᠢᠶᠠᠯᠠᠩ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠵᠠᠩᠭᠢᠯᠠᠭ᠎ᠠ ᠶᠢᠨ ᠭᠤᠣᠯᠳᠠᠯᠭ᠎ᠠ ᠶᠢ ᠲᠣᠪᠤᠶᠢᠯᠭᠠᠨ ᠰᠠᠶᠢᠲᠤᠷ | ᠠᠳᠬᠤᠵᠤ᠂ ᠤᠯᠠᠨ ᠡᠰᠢᠴᠢᠯᠡᠭᠰᠡᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠶᠢ ᠶᠡᠭᠡ ᠪᠠᠷ ᠪᠣᠶᠢᠵᠢᠭᠤᠯᠵᠤ᠂ ᠲᠠᠷᠢᠶᠠᠯᠠᠩ ᠤᠨ ᠪᠦᠬᠦ ᠶᠠᠪᠤᠴᠠ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠪᠦᠷᠢᠨ ᠲᠡᠭᠦᠯᠳᠡᠷ ᠠᠰᠢᠭ ᠲᠤᠰᠠ ᠶᠢᠨ | ᠬᠤᠯᠪᠣᠭᠠᠨ ᠤ ᠲᠣᠭᠲᠠᠴᠠ ᠪᠠᠶᠢᠭᠤᠯᠵᠤ᠂ ︽ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ︾ | ᠠᠰᠠᠭᠤᠳᠠᠯ ᠢ ᠰᠢᠢᠳᠪᠦᠷᠢᠯᠡᠵᠦ᠂ ᠪᠦᠬᠦ ᠵᠢᠯ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ | ᠤᠨᠠᠯᠲᠠ ᠶᠢ ᠨᠡᠮᠡᠭᠳᠡᠭᠦᠯᠬᠦ ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃ | ᠣᠶᠢᠯᠠᠭᠠᠭᠰᠠᠨ ᠢᠶᠠᠷ᠂ 2024 ᠣᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤ 18 ᠰᠤᠮᠤ | ᠪᠠᠯᠭᠠᠰᠤᠨ ᠳᠤ᠂ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠬᠤ᠂ ᠤᠰᠤ ᠪᠣᠷᠳᠣᠭᠤᠷ ᠤᠨ | ᠬᠠᠩᠭᠠᠯᠭ᠎ᠠ ᠶᠢᠨ ᠠᠷᠭ᠎ᠠ ᠬᠡᠯᠪᠡᠷᠢ ᠪᠠ ᠪᠣᠬᠢᠷᠲᠤᠯ ᠦᠭᠡᠢ ᠡᠪᠡᠳᠴᠢᠨ ᠬᠤᠷᠣᠬᠠᠢ ᠡᠪᠡᠰᠦᠨ ᠤ ᠬᠥᠨᠥᠭᠡᠯ ᠢ | ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠰᠢᠷ᠎ᠠ | ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠷ᠎ᠠ | ᠪᠤᠷᠴᠠᠭ ᠤᠨ ᠤᠨᠠᠯᠲᠠ ᠶᠢ ᠲᠦᠷᠭᠡᠨ ᠳᠡᠭᠡᠭᠰᠢᠯᠡᠭᠦᠯᠬᠦ ᠶᠢ ᠳᠠᠶᠢᠴᠢᠯᠠᠨ᠂ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ 10 ᠲᠦᠮᠡᠨ ᠮᠦ ᠪᠡᠶᠡᠯᠡᠭᠦᠯᠦᠨ᠎ᠡ᠃ ᠡᠭᠦᠨ ᠤ ᠬᠠᠮᠲᠤ ᠰᠢᠷ᠎ᠠ | ᠪᠤᠷᠴᠠᠭ ᠤᠨ ᠠᠵᠤ ᠦᠢᠯᠡᠰ ᠤᠨ ᠬᠦᠷᠢᠶᠡᠯᠡᠩ ᠢᠶᠠᠷ ᠭᠤᠣᠯ ᠪᠣᠯᠭᠠᠵᠤ᠂ ᠪᠠᠭᠠᠳᠠᠯ᠎ᠠ ᠰᠤᠮᠤ ᠶᠢᠨ ᠶᠡᠭᠡ ᠪᠤᠯᠠᠭ | ᠭᠠᠴᠠᠭ᠎ᠠ ᠳᠤ 6000 ᠮᠦ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ | ᠦᠵᠡᠭᠦᠯᠬᠦ ᠭᠤᠣᠯ ᠰᠠᠭᠤᠷᠢᠨ ᠭᠠᠵᠠᠷ ᠪᠠᠶᠢᠭᠤᠯᠵᠤ᠂ ᠭᠠᠨᠵᠤᠭ᠎ᠠ ᠪᠠᠯᠭᠠᠰᠤ᠂ ᠱᠠᠭᠠᠵᠠᠩᠳᠠᠢ ᠮᠠᠯᠵᠢᠯ ᠤᠨ ᠲᠠᠯᠠᠪᠠᠶ᠂ | ᠪᠠᠭᠠᠳᠠᠯ᠎ᠠ ᠰᠤᠮᠤ ᠵᠡᠷᠭᠡ 3 ᠵᠢᠱᠢᠶ᠎ᠡ ᠦᠵᠡᠭᠦᠯᠬᠦ ᠪᠠᠯᠭᠠᠰᠤ ᠪᠠᠶᠢᠭᠤᠯᠵᠤ᠂ 15 ᠰᠤᠮᠤ ᠪᠠᠯᠭᠠᠰᠤ ᠲᠠᠯᠠᠪᠠᠶ ᠶᠢ | ᠨᠥᠯᠥᠭᠡᠯᠡᠨ ᠳᠠᠶᠢᠴᠢᠯᠠᠵᠤ᠂ 10 ᠲᠦᠮᠡᠨ ᠮᠦ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠤᠨ ᠣᠷᠣᠨ ᠤ ᠮᠦ ᠨᠢᠭᠡᠴᠢ ᠶᠢᠨ ᠤᠨᠠᠯᠲᠠ ᠶᠢ 30 ᠺᠢᠯᠣᠭ᠍ᠷᠠᠮ | ᠨᠡᠮᠡᠭᠳᠡᠭᠦᠯᠬᠦ ᠶᠢ ᠪᠡᠶᠡᠯᠡᠭᠦᠯᠵᠦ᠂ ᠪᠥᠬᠦ ᠬᠤᠰᠢᠭᠤᠨ ᠤ ᠰᠢᠷ᠎ᠠ ᠪᠤᠷᠴᠠᠭ ᠤᠨ ᠮᠦ ᠨᠢᠭᠡᠴᠢ ᠶᠢᠨ ᠤᠨᠠᠯᠲᠠ ᠶᠢ 20 | ᠺᠢᠯᠣᠭ᠍ᠷᠠᠮ ᠠᠴᠠ ᠳᠡᠭᠡᠭᠰᠢ ᠨᠡᠮᠡᠭᠳᠡᠭᠦᠯᠬᠦ ᠶᠢ ᠠᠬᠢᠭᠤᠯᠤᠨ᠎ᠠ᠃ | | |