ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠠᠲᠠᠷ ᠬᠠᠭᠠᠯᠪᠤᠷᠢᠯᠠᠬᠤ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ | ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠠᠯᠪᠠᠨ ᠵᠠᠷ | | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ | ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠨ ᠦᠢᠯᠡᠳᠦᠯᠭᠡᠵᠢᠭᠦᠯᠵᠦ᠂ ᠬᠢᠯᠪᠠᠷ ᠪᠤᠰᠤ ᠪᠠᠷ | ᠣᠯᠣᠭᠰᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠨ ᠰᠠᠶᠢᠵᠢᠷᠠᠭᠤᠯᠵᠤ᠂ | ᠪᠥᠬᠦ ᠬᠤᠰᠢᠭᠤᠨ ᠤ ᠠᠮᠢ ᠠᠬᠤᠢ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠶᠢᠨ ᠲᠤᠰᠠᠳᠠ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ | ᠰᠡᠷᠭᠦᠭᠡᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠣᠶ ᠰᠢᠭᠤᠢ ᠡᠪᠡᠰᠦ | ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠣᠶ ᠶᠢᠨ ᠬᠤᠭᠤᠷᠣᠨᠳᠣᠬᠢ ᠲᠠᠷᠢᠮᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠮᠣᠳᠣ | ᠣᠭᠲᠣᠯᠣᠭᠰᠠᠨ ᠭᠠᠵᠠᠷ ᠢ ᠰᠢᠨᠡᠵᠢᠬᠦᠯᠦᠨ ᠣᠶᠢᠵᠢᠭᠤᠯᠬᠤ ᠠᠴᠠ ᠡᠮᠦᠨ᠎ᠡ ᠪᠠ ᠰᠢᠨᠡᠵᠢᠬᠦᠯᠦᠨ ᠣᠶᠢᠵᠢᠭᠤᠯᠵᠤ | ᠪᠣᠶᠢᠵᠢᠭᠠᠳᠤᠢ ᠦᠶ᠎ᠡ ᠳᠤ ᠴᠥᠮ ᠠᠲᠠᠷ ᠬᠠᠭᠠᠯᠪᠤᠷᠢᠯᠠᠨ ᠲᠡᠷᠢᠵᠦ ᠪᠣᠯᠬᠤ ᠦᠭᠡᠢ᠂ ᠬᠠᠭᠠᠯᠪᠤᠷᠢᠯᠠᠬᠤ ᠪᠠᠷ | ᠤᠶᠢᠵᠢᠭᠤᠯᠬᠤ ᠶᠢ ᠣᠷᠣᠯᠠᠭᠤᠯᠵᠤ ᠪᠣᠯᠬᠤ ᠦᠭᠡᠢ᠃ ᠣᠶ ᠰᠢᠭᠤᠢ ᠠᠮᠤ ᠪᠤᠳᠠᠭ᠎ᠠ ᠶᠢ ᠠᠯᠠᠭᠯᠠᠨ ᠳᠠᠷᠢᠬᠤ ᠶᠢ ᠪᠥᠬᠦ | ᠲᠠᠯ᠎ᠠ ᠪᠠᠷ ᠵᠣᠭᠰᠣᠭᠠᠵᠤ᠂ ᠪᠤᠷᠴᠠᠭ ᠤᠨ ᠵᠦᠢᠯ᠂ ᠠᠮᠤ ᠪᠤᠳᠠᠭᠠᠨ ᠤ ᠵᠦᠢᠯ᠂ ᠡᠷᠳᠡᠨᠢ ᠰᠢᠰᠢ᠂ ᠬᠦᠬᠡ ᠲᠠᠷᠤᠰᠢ | ᠶᠢᠨ ᠡᠷᠳᠡᠨᠢ ᠰᠢᠰᠢ᠂ ᠰᠢᠰᠢ᠂ ᠨᠡᠷᠡᠨ ᠬᠤᠸᠠᠷ ᠵᠡᠷᠭᠡ ᠶᠠᠮᠠᠷᠪᠠ ᠠᠮᠤ ᠲᠣᠰᠣᠨ ᠤ ᠲᠠᠷᠢᠮᠠᠯ ᠳᠠᠷᠢᠬᠤ ᠶᠢ ᠴᠢᠩᠭ᠎ᠠ | ᠴᠠᠭᠠᠵᠠᠯᠠᠨ᠎ᠠ᠃ ᠯᠣᠬᠠᠱᠧᠩ᠂ ᠲᠠᠷᠪᠤᠰ᠂ ᠥᠷᠭᠡᠰᠦᠲᠦ ᠬᠡᠮᠬᠡ᠂ ᠲᠥᠮᠥᠰᠥ ᠵᠡᠷᠭᠡ ᠬᠥᠷᠥᠰᠥ ᠰᠢᠷᠣᠢ ᠶᠢ ᠠᠮᠠᠷᠬᠠᠨ | ᠢᠳᠡᠭᠳᠡᠭᠦᠯᠬᠦ᠂ ᠰᠠᠯᠬᠢᠨ ᠳᠤ ᠢᠳᠡᠭᠳᠡᠭᠦᠯᠵᠦ ᠡᠯᠡᠰᠦᠵᠢᠭᠦᠯᠬᠦ ᠲᠠᠷᠢᠮᠠᠯ ᠵᠢᠴᠢ ᠰᠢᠬᠢᠷ ᠡᠪᠡᠰᠦ᠂ ᠬᠤᠨᠴᠢᠷ᠂ | ᠬᠤᠷᠳᠤᠨ ᠴᠠᠭᠠᠨ ᠵᠡᠷᠭᠡ ᠭᠦᠨ ᠤᠷᠪᠠᠭᠤᠯᠵᠤ ᠭᠦᠨ ᠬᠠᠭᠠᠯᠪᠤᠷᠢᠯᠠᠬᠤ ᠴᠢᠬᠤᠯᠠᠲᠠᠢ᠂ ᠤᠢ ᠮᠣᠳᠣᠨ ᠤ ᠦᠨᠳᠦᠰᠦ | ᠡᠰᠢ ᠶᠢ ᠡᠪᠳᠡᠬᠦ ᠲᠠᠷᠢᠮᠠᠯ ᠢ ᠲᠠᠷᠢᠬᠤ ᠶᠢ ᠴᠢᠩᠭ᠎ᠠ ᠴᠠᠭᠠᠵᠠᠯᠠᠨ᠎ᠠ᠃ ᠨᠡᠶᠢᠲᠡ ᠶᠢᠨ ᠠᠰᠠᠷᠠᠮᠵᠢ ᠶᠢᠨ ᠣᠶᠢᠲᠤ ᠭᠠᠵᠠᠷ᠂ | ᠪᠠᠶᠢᠭᠠᠯᠢ ᠶᠢᠨ ᠣᠶᠢᠲᠤ ᠭᠠᠵᠠᠷ᠂ ᠣᠶᠢᠲᠤ ᠭᠠᠵᠠᠷ ᠤᠨ ᠬᠠᠮᠠᠭᠠᠯᠠᠯᠲᠠ ᠶᠢᠨ ᠲᠠᠰ ᠨᠢ Ⅰ ᠲᠠᠰ ᠤᠨ ᠣᠶᠢᠲᠤ ᠭᠠᠵᠠᠷ | ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ | ᠣᠷᠣᠨ ᠤ ᠬᠡᠪᠴᠢᠶᠡᠨ ᠳᠠᠬᠢ ᠣᠶᠢᠲᠤ ᠭᠠᠵᠠᠷ᠂ ᠬᠤᠪᠣᠷ ᠴᠤᠬᠠᠭ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ | ᠤᠷᠭᠤᠮᠠᠯ ᠤᠨ ᠴᠢᠬᠤᠯᠠ ᠣᠷᠣᠰᠢᠨ ᠠᠮᠢᠳᠤᠷᠠᠬᠤ ᠭᠠᠵᠠᠷ ︵ᠠᠮᠢᠳᠤᠷᠠᠯ ᠤᠨ ᠣᠷᠴᠢᠨ︶ ᠵᠢᠴᠢ ᠠᠮᠢᠳᠤ ᠪᠣᠳᠠᠰ ᠤᠨ | ᠬᠤᠩᠭᠢᠯ ᠳᠣᠲᠣᠷᠠᠬᠢ ᠣᠶᠢᠲᠤ ᠭᠠᠵᠠᠷ᠂ ᠬᠤᠷᠴᠢᠨ ᠤ ᠡᠯᠡᠰᠦᠷᠬᠡᠭ ᠭᠠᠵᠠᠷ ᠤᠨ ᠰᠦᠨᠦᠭᠡᠯᠥᠳᠡ ᠶᠢᠨ | ᠲᠠᠶᠢᠯᠠᠯᠳᠤᠭᠠᠨ ᠤ ᠢᠨᠵᠧᠨᠧᠷᠢᠩ ᠤᠨ ᠰᠢᠨ᠎ᠡ ᠪᠠᠷ ᠣᠶᠢᠵᠢᠭᠤᠯᠤᠭᠰᠠᠨ ᠭᠠᠵᠠᠷ ᠢ ᠠᠰᠢᠭᠯᠠᠨ ᠣᠶ ᠶᠢᠨ ᠬᠤᠷᠮᠣᠢ ᠳᠤ | ᠳᠠᠷᠢᠬᠤ ᠶᠢ ᠴᠠᠭᠠᠵᠠᠯᠠᠨ᠎ᠠ᠃ ᠲᠠᠸᠠᠷ ᠤᠨ ᠣᠶ ᠶᠢᠨ ᠣᠶᠢᠵᠢᠭᠤᠯᠤᠯᠲᠠ ᠶᠢᠨ ᠭᠠᠵᠠᠷ ᠤᠨ ᠲᠤᠷᠰᠢᠯᠭ᠎ᠠ ᠶᠢ ᠭᠥᠯᠢᠶᠡᠨ | ᠠᠪᠤᠭᠰᠠᠨ ᠰᠠᠬᠤᠯᠠᠴᠠ ᠨᠢ 0.2 ᠠᠴᠠ ᠳᠡᠭᠡᠭᠰᠢ ᠪᠤᠶᠤ ᠮᠣᠳᠣᠨ ᠤ ᠲᠤᠭ᠎ᠠ ᠶᠢ ᠬᠠᠳᠠᠭᠠᠯᠠᠬᠤ ᠨᠣᠷᠮ᠎ᠠ ᠨᠢ 65% | ᠠᠴᠠ ᠳᠡᠭᠡᠭᠰᠢ ︵ᠠᠵᠤ ᠠᠬᠤᠢ ᠶᠢᠨ ᠣᠶ ᠶᠢᠨ 85% ᠠᠴᠠ ᠳᠡᠭᠡᠭᠰᠢ︶ ᠣᠶᠢᠵᠢᠭᠤᠯᠬᠤ ᠪᠠᠷᠢᠮᠵᠢᠶ᠎ᠠ ᠳᠤ | ᠬᠦᠷᠦᠭᠰᠡᠨ ᠪᠠᠶᠢᠪᠠᠯ᠂ ︽ᠣᠶ ᠰᠢᠭᠤᠢ ᠡᠮ︾᠂ ︽ᠣᠶ ᠰᠢᠭᠤᠢ ᠡᠪᠡᠰᠦ ᠪᠡᠯᠴᠢᠭᠡᠷ ︵ᠣᠯᠠᠨ ᠨᠠᠰᠤᠲᠤ ᠲᠡᠵᠢᠭᠡᠯ | ᠡᠪᠡᠰᠦ︶︾ ᠵᠡᠷᠭᠡ ᠨᠡᠶᠢᠯᠡᠮᠡᠯ ᠡᠵᠡᠩᠨᠡᠯᠲᠡ ᠶᠢᠨ ᠵᠠᠭᠪᠤᠷ ᠢᠶᠠᠷ ᠣᠶ ᠶᠢᠨ ᠬᠤᠷᠮᠣᠢ ᠳᠤ ᠳᠠᠷᠢᠬᠤ ᠶᠢ ᠡᠮᠬᠢ | ᠵᠢᠷᠤᠮ ᠲᠠᠢ ᠥᠷᠨᠢᠭᠦᠯᠵᠦ ᠪᠣᠯᠣᠨ᠎ᠠ᠃ | ᠬᠤᠶᠠᠷ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ᠮᠠᠨ ᠤ ᠬᠤᠰᠢᠭᠤᠨ ᠤ ᠬᠢᠯᠢ ᠳᠣᠲᠣᠷᠠᠬᠢ ᠪᠠᠶᠢᠭᠠᠯᠢ ᠶᠢᠨ ᠪᠡᠯᠴᠢᠭᠡᠷ᠂ ᠲᠠᠷᠢᠮᠠᠯ ᠪᠡᠯᠴᠢᠭᠡᠷ᠂ ᠨᠠᠮᠤᠭ ᠤᠨ ᠪᠡᠯᠴᠢᠭᠡᠷ᠂ | ᠪᠤᠰᠤᠳ ᠪᠡᠯᠴᠢᠭᠡᠷ᠂ ᠴᠦᠩᠬᠦᠯ ᠤᠨ ᠭᠤᠤ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ | ᠥᠪᠥᠷ ᠮᠣᠩᠭᠤᠯ ᠤᠨ ᠤᠳᠠᠨᠳᠠᠯ᠎ᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠯᠤᠰᠤᠲᠠᠢ ᠨᠠᠭᠤᠷ ᠤᠨ ᠨᠤᠭᠤ | ᠭᠠᠵᠠᠷ ᠤᠨ ᠴᠡᠴᠡᠷᠯᠢᠭ ᠤᠨ ᠬᠠᠮᠠᠭᠠᠯᠠᠯᠲᠠ ᠶᠢᠨ ᠣᠷᠣᠨ᠂ ᠥᠪᠥᠷ ᠮᠣᠩᠭᠤᠯ ᠤᠨ ᠱᠤᠩᠬᠤᠷ ᠨᠤᠭᠤ ᠭᠠᠵᠠᠷ ᠤᠨ | ᠬᠠᠮᠠᠭᠠᠯᠠᠯᠲᠠ ᠶᠢᠨ ᠣᠷᠣᠨ ᠵᠢᠴᠢ ᠡᠯ᠎ᠡ ᠱᠠᠲᠤᠨ ᠤ ᠡᠯ᠎ᠡ ᠲᠥᠷᠥᠯ ᠤᠨ ᠬᠠᠮᠠᠭᠠᠯᠠᠯᠲᠠ ᠶᠢᠨ ᠣᠷᠣᠨ᠂ | ᠡᠸᠦ᠋ᠷᠦᠫᠡ ᠶᠢᠨ ᠪᠡᠯᠡ ᠣᠷᠣᠭᠤᠯᠤᠯᠲᠠ ᠶᠢᠨ ᠪᠠᠩᠬᠢ ᠶᠢᠨ ᠲᠥᠷᠥᠯ ᠵᠦᠢᠯ ᠤᠨ ᠣᠷᠣᠨ᠂ ᠠᠭᠤᠯᠠ ᠤᠰᠤᠨ ᠤ | ᠲᠥᠷᠥᠯ ᠵᠦᠢᠯ ᠤᠨ ᠣᠷᠣᠨ᠂ ᠪᠤᠰᠤᠳ ᠵᠤᠯᠵᠠᠭ᠎ᠠ ᠣᠶᠢᠲᠤ ᠭᠠᠵᠠᠷ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ | ᠪᠣᠯᠭᠠᠨ ᠵᠠᠭᠠᠭᠯᠠᠨ ᠲᠤᠭᠳᠠᠭᠠᠵᠤ᠂ ᠪᠦᠬᠦ ᠵᠢᠯ ᠳᠤ ᠮᠠᠯᠵᠢᠬᠤ ᠶᠢ ᠴᠠᠭᠠᠵᠠᠯᠠᠬᠤ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ | ᠭᠤᠷᠪᠠ᠂ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠬᠠᠭᠠᠯᠪᠤᠷᠢᠯᠠᠬᠤ ᠠᠵᠢᠯᠯᠠᠭ᠎ᠠ ᠳᠤ ᠴᠢᠩᠭ᠎ᠠ ᠴᠣᠬᠢᠯᠲᠠ | ᠦᠭᠭᠦᠨ᠎ᠡ᠃ ᠬᠠᠤᠯᠢ ᠶᠢ ᠵᠥᠷᠢᠴᠡᠨ ᠨᠤᠲᠤᠭ ᠪᠡᠯᠴᠢᠭᠡᠷ ᠢ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠵᠤ᠂ ᠬᠠᠤᠯᠢ ᠶᠢ | ᠵᠥᠷᠢᠴᠡᠨ ᠠᠲᠠᠷ ᠬᠠᠭᠠᠯᠪᠤᠷᠢᠯᠠᠭᠰᠠᠨ ᠠᠵᠢᠯᠯᠠᠭ᠎ᠠ ᠶᠢ ᠣᠯᠵᠤ ᠮᠡᠳᠡᠮᠡᠭᠴᠡ ᠴᠥᠮ ᠬᠠᠤᠯᠢ ᠶᠣᠰᠣᠭᠠᠷ ᠴᠢᠩᠭ᠎ᠠ | ᠰᠢᠢᠳᠪᠦᠷᠢᠯᠡᠨ᠎ᠡ᠃ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠰᠠᠨ ᠬᠡᠷᠡᠭ ᠲᠤ ᠴᠣᠬᠢᠯᠲᠠ ᠥᠭᠬᠦ | ᠡᠷᠴᠢᠮ ᠢᠶᠠᠨ ᠴᠢᠩᠭᠠᠷᠠᠭᠤᠯᠵᠤ᠂ ᠴᠢᠩᠭ᠎ᠠ ᠪᠥᠭᠡᠳ ᠲᠦᠷᠭᠡᠨ ᠢᠶᠠᠷ ᠪᠠᠶᠢᠴᠠᠭᠠᠨ ᠰᠢᠢᠳᠪᠦᠷᠢᠯᠡᠵᠦ᠂ ᠲᠤᠭ᠎ᠠ | ᠬᠡᠮᠵᠢᠶ᠎ᠡ ᠪᠠᠷ ᠨᠡᠯᠢᠶᠡᠳ ᠶᠡᠭᠡ ᠪᠠᠶᠢᠵᠤ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ ︽ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠠᠮᠢᠶ᠎ᠠ ᠨᠠᠮᠢᠶ᠎ᠠ ᠦᠭᠡᠢ ᠬᠠᠭᠠᠯᠪᠤᠷᠢᠯᠠᠬᠤ ᠶᠢ ᠴᠢᠩᠭ᠎ᠠ ᠴᠠᠭᠠᠵᠠᠯᠠᠵᠤ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠵᠠᠷᠯᠢᠭ︾ ︵ | ᠥᠪᠥᠷ ᠵᠠᠰᠠᠭ ᠲᠠᠷᠬᠠᠭᠠᠭᠰᠠᠨ ﹇1999﹈ 1 ᠳ᠋ᠤᠭᠡᠷ ᠲᠣᠭᠠᠲᠤ︶ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ | ᠨᠤᠲᠤᠭ ᠪᠡᠯᠴᠢᠭᠡᠷ ᠢ ᠬᠠᠭᠠᠯᠪᠤᠷᠢᠯᠠᠭᠠᠳ ᠪᠣᠶ ᠪᠣᠯᠤᠭᠰᠠᠨ ᠲᠠᠷᠢᠶᠠᠨ ᠭᠠᠵᠠᠷ ᠢ ᠲᠡᠷᠡᠴᠢᠯᠡᠨ ᠨᠢᠭᠡᠨᠲᠡ ᠲᠠᠷᠢᠶᠠᠨ | ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠣᠷᠣᠭᠤᠯᠤᠭᠰᠠᠨ ᠪᠠᠶᠢᠪᠠᠯ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︽ᠭᠤᠷᠪᠠᠳᠤᠭᠠᠷ ᠤᠳᠠᠭᠠᠨ ᠤ ᠪᠥᠬᠦ | ᠤᠯᠤᠰ ᠤᠨ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢᠶᠠᠷ ᠰᠠᠭᠤᠷᠢ ᠪᠣᠯᠭᠠᠨ | ᠪᠡᠯᠴᠢᠭᠡᠷ ᠤᠨ ᠬᠠᠮᠢᠶᠠᠷᠤᠯᠲᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠵᠤ ᠪᠡᠯᠴᠢᠭᠡᠷ ᠤᠨ ᠬᠠᠮᠢᠶᠠᠷᠤᠯᠲᠠ ᠶᠢ | ᠵᠢᠷᠤᠮᠵᠢᠭᠤᠯᠬᠤ ᠲᠤᠬᠠᠢ ᠮᠡᠳᠡᠭᠳᠡᠯ︾ ︵ᠥᠪᠥᠷ ᠪᠠᠶᠢᠭᠠᠯᠢ ᠡᠬᠢ ᠲᠠᠷᠬᠠᠭᠠᠭᠰᠠᠨ ﹇2024﹈ 5 ᠳ᠋ᠤᠭᠠᠷ ᠲᠣᠭᠠᠲᠤ | ︶ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ | ᠬᠠᠮᠲᠤ᠂ ᠪᠤᠴᠠᠭᠠᠨ ᠠᠪᠴᠤ ᠤᠯᠤᠰ ᠤᠨ ᠥᠮᠴᠢᠯᠡᠯᠲᠦ ᠪᠤᠶᠤ ᠬᠠᠮᠲᠤ ᠨᠡᠶᠢᠲᠡ ᠶᠢᠨ ᠦᠮᠴᠢᠯᠡᠯ ᠪᠤᠯᠭᠠᠭᠰᠠᠨ ᠤ | ᠳᠠᠷᠠᠭ᠎ᠠ ᠣᠲᠣ ᠶᠢᠨ ᠬᠡᠷᠡᠭᠵᠢᠭᠦᠯᠵᠦ ᠪᠠᠶᠢᠭ᠎ᠠ ᠲᠠᠷᠢᠶᠠᠨ ᠭᠠᠵᠠᠷ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ | ᠨᠢᠭᠡᠳᠦᠯᠲᠡᠢ ᠡᠵᠡᠩᠨᠡᠨ ᠬᠠᠮᠢᠶᠠᠷᠤᠨ᠎ᠠ᠃ | ᠳᠥᠷᠪᠡ᠂ ᠬᠠᠤᠯᠢ ᠶᠣᠰᠣᠭᠠᠷ ᠴᠢᠩᠭ᠎ᠠ ᠰᠢᠳᠬᠡᠨ᠎ᠡ᠃ ᠲᠣᠭᠲᠠᠭᠠᠯ ᠠᠴᠠ ᠵᠥᠷᠢᠴᠡᠨ ᠬᠠᠤᠯᠢ ᠠᠴᠠ | ᠵᠥᠷᠢᠴᠡᠨ ᠣᠶ ᠶᠢᠨ ᠬᠤᠷᠮᠣᠢ ᠳᠤ ᠳᠠᠷᠢᠭᠰᠠᠨ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠣᠶ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ | ᠰᠢᠭᠤᠢ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠶᠣᠰᠣᠭᠠᠷ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ | ᠨᠡᠶᠢᠲᠡ ᠶᠢᠨ ᠠᠰᠠᠷᠠᠮᠵᠢ ᠶᠢᠨ ᠣᠶ ᠶᠢᠨ ᠲᠠᠯᠠᠪᠠᠶ ᠶᠢ 5 ᠮᠦ ᠠᠴᠠ ᠳᠡᠭᠡᠭᠰᠢ᠂ ᠲᠠᠸᠠᠷ ᠤᠨ ᠣᠶᠢᠲᠤ ᠭᠠᠵᠠᠷ ᠢ 10 | ᠮᠦ ᠠᠴᠠ ᠳᠡᠭᠡᠭᠰᠢ ᠡᠪᠳᠡᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠠᠤᠯᠢ ᠶᠢ ᠵᠥᠷᠢᠴᠡᠨ ᠨᠤᠲᠤᠭ ᠪᠡᠯᠴᠢᠭᠡᠷ ᠢ ᠬᠠᠭᠠᠯᠪᠤᠷᠢᠯᠠᠵᠤ ᠡᠪᠳᠡᠭᠰᠡᠨ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠶᠢᠨ ︽ᠨᠤᠲᠤᠭ ᠪᠡᠯᠴᠢᠭᠡᠷ ᠤᠨ ᠡᠬᠢ ᠪᠠᠶᠠᠯᠢᠭ ᠢ | ᠡᠪᠳᠡᠭᠰᠡᠨ ᠡᠷᠡᠭᠦᠦ ᠶᠢᠨ ᠬᠡᠷᠡᠭ ᠢ ᠰᠢᠭᠦᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠢ | ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠴᠢᠩᠭ᠎ᠠ ᠵᠢᠷᠤᠮᠯᠠᠨ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠨᠤᠲᠤᠭ ᠪᠡᠯᠴᠢᠭᠡᠷ ᠢ ᠬᠠᠤᠯᠢ ᠪᠤᠰᠤ ᠪᠠᠷ | ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠭᠰᠠᠨ ᠲᠤᠭ᠎ᠠ | ᠬᠡᠮᠵᠢᠶ᠎ᠡ ᠨᠢ 20 ᠮᠤ᠋ ᠠᠴᠠ ᠳᠡᠭᠡᠭᠰᠢ ᠪᠠᠶᠢᠬᠤ᠂ ᠡᠰᠡᠬᠦᠯ᠎ᠡ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ | ᠬᠡᠷᠡᠭᠯᠡᠭᠡᠳ ᠵᠠᠰᠠᠭ ᠵᠠᠬᠢᠷᠭᠠᠨ ᠤ ᠰᠢᠳᠬᠡᠯ ᠣᠯᠵᠤ ᠥᠩᠭᠡᠷᠡᠭᠰᠡᠨ ᠪᠥᠭᠡᠳ ᠭᠤᠷᠪᠠᠨ ᠵᠢᠯ ᠳᠣᠲᠣᠷ᠎ᠠ ᠪᠠᠰᠠ ᠨᠤᠲᠤᠭ | ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ | ᠬᠤᠪᠢᠷᠠᠭᠤᠯᠤᠭᠠᠳ᠂ ᠲᠤᠭ᠎ᠠ ᠬᠡᠮᠵᠢᠶ᠎ᠡ ᠨᠢ 10 ᠮᠤ᠋ ᠠᠴᠠ ᠳᠡᠭᠡᠭᠰᠢ ᠪᠠᠶᠢᠪᠠᠯ᠂ ᠡᠷᠡᠭᠦᠦ ᠶᠢᠨ ᠬᠠᠤᠯᠢ ᠶᠢᠨ ᠭᠤᠷᠪᠠᠨ | ᠵᠠᠭᠤ ᠳᠥᠴᠢᠨ ᠬᠤᠶᠠᠳᠤᠭᠠᠷ ᠵᠦᠢᠯ ᠳᠤ ᠲᠣᠭᠲᠠᠭᠠᠭᠰᠠᠨ ︽ᠲᠤᠭ᠎ᠠ ᠬᠡᠮᠵᠢᠶ᠎ᠡ ᠨᠢ ᠨᠡᠯᠢᠶᠡᠳ ᠶᠡᠭᠡ︾ ᠪᠠᠷ | ᠮᠠᠭᠠᠳᠯᠠᠨ ᠲᠣᠭᠲᠠᠭᠠᠵᠤ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠲᠣᠭᠲᠠᠭᠠᠯ ᠠᠴᠠ | ᠵᠥᠷᠢᠴᠡᠨ ᠮᠠᠯ ᠮᠠᠯᠵᠢᠬᠤ᠂ ᠬᠤᠯᠠᠭᠠᠶᠢᠯᠠᠨ ᠮᠠᠯᠵᠢᠬᠤ ᠵᠡᠷᠭᠡ ᠦᠶᠯᠡ ᠠᠵᠢᠯᠯᠠᠭ᠎ᠠ ᠳᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠴᠢ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ︾ ᠢ ᠦᠨᠳᠦᠰᠦᠯᠡᠨ᠂ ︽ᠬᠠᠤᠯᠢ | ᠠᠴᠠ ᠵᠥᠷᠢᠴᠡᠨ ᠬᠠᠷᠢᠭᠤᠯᠤᠭᠰᠠᠨ ᠬᠤᠨᠢ ᠪᠦᠷᠢ ᠶᠢ 120 ᠲᠥᠭᠦᠷᠢᠭ ᠵᠣᠭᠤᠰ ᠢᠶᠠᠷ ᠲᠣᠷᠭᠠᠬᠤ ︵ᠦᠬᠡᠷ | ᠨᠢᠭᠡᠪᠦᠷᠢ ᠨᠢ 5 ᠬᠤᠨᠢᠨ ᠤ ᠨᠢᠭᠡᠴᠡ ᠲᠠᠢ ᠲᠡᠩᠴᠡᠨ᠎ᠡ︶ ᠪᠠᠷ ᠰᠢᠳᠬᠡᠨ᠎ᠡ︾ ᠭᠡᠵᠦ ᠲᠣᠭᠲᠠᠭᠠᠵᠠᠢ᠃ ᠬᠦᠴᠦᠷᠬᠡᠭᠯᠡᠯ | ᠂ ᠰᠦᠷᠳᠡᠭᠦᠯᠦᠯ᠂ ᠥᠳᠥᠭᠡᠵᠦ ᠦᠢᠮᠡᠭᠡᠨ ᠲᠡᠭᠳᠡᠭᠡᠬᠦ ᠵᠡᠷᠭᠡ ᠠᠷᠭ᠎ᠠ ᠪᠠᠷᠢᠯ ᠢᠶᠠᠷ ᠲᠦᠷᠦ ᠶᠢᠨ ᠪᠠᠶᠢᠭᠤᠯᠭ᠎ᠠ ᠶᠢᠨ | ᠠᠵᠢᠯᠲᠠᠨ ᠤ ᠬᠠᠤᠯᠢ ᠶᠣᠰᠣᠭᠠᠷ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ | ᠬᠠᠤᠯᠢ︾ ᠶᠢ ᠦᠨᠳᠦᠰᠦᠯᠡᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ | ᠰᠢᠢᠳᠪᠦᠷᠢᠯᠡᠨ᠎ᠡ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠲᠤᠰ ᠠᠯᠪᠠᠨ ᠵᠠᠷ ᠨᠢ ᠨᠡᠶᠢᠲᠡᠯᠡᠭᠰᠡᠨ ᠡᠳᠦᠷ ᠠᠴᠠ ᠡᠬᠢᠯᠡᠨ ᠬᠦᠴᠦᠨ ᠲᠠᠢ ᠪᠣᠯᠣᠨ᠎ᠠ᠃ | | | 2024 ᠣᠨ ᠤ 4 ᠰᠠᠷ᠎ᠠ ᠶᠢᠨ 22 ᠤ ᠡᠳᠦᠷ | | |