ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠵᠦᠢᠯ ᠡᠮᠦᠨᠡᠳᠦ ᠤᠷᠤᠨ ᠳᠤ ᠦᠷᠭᠡᠨ ᠢᠶᠠᠷ ᠪᠤᠷᠤᠯᠠᠭᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/4/7
ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠵᠦᠢᠯ ᠡᠮᠦᠨᠡᠳᠦ ᠤᠷᠤᠨ  ᠳᠤ ᠦᠷᠭᠡᠨ ᠢᠶᠠᠷ ᠪᠤᠷᠤᠯᠠᠭᠤᠭᠳᠠᠵᠤ ᠪᠠᠶᠢᠨ᠎ᠠ        ᠣᠶᠢᠷ᠎ᠠ ᠶᠢᠨ ᠵᠢᠯ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠰᠦᠨ ᠦᠢᠯᠡᠰ ᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠪᠠᠷ ᠳᠠᠮᠵᠢᠭᠤᠯᠤᠨ᠂ ᠨᠠᠷᠠᠲᠤ ᠲᠡᠮᠳᠡᠭᠲᠦ ᠪᠠᠷ ᠳᠠᠶᠢᠴᠢᠯᠠᠬᠤ ᠠᠷᠭ᠎ᠠ ᠮᠠᠶ᠋ᠢᠭ ᠢᠶᠠᠷ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠭᠠᠷ ᠦᠢᠯᠡᠳᠬᠡᠯ ᠤᠨ ᠭᠠᠵᠠᠷ ᠠᠴᠠ ᠨᠠᠷᠠᠲᠤ ᠲᠡᠮᠳᠡᠭᠵᠢᠭᠦᠯᠬᠦ᠂ ᠲᠤᠰᠬᠠᠶᠢᠵᠢᠭᠤᠯᠬᠤ᠂ ᠵᠠᠬ᠎ᠠ ᠳᠡᠯᠭᠡᠭᠦᠷᠴᠢᠯᠡᠬᠦ ᠳᠠᠰᠢ ᠠᠬᠢᠭᠤᠯᠵᠤ᠂ ᠥᠷᠨᠢᠭᠦᠨ ᠬᠥᠭᠵᠢᠯᠲᠡ ᠶᠢᠨ ᠳᠠᠯᠳᠠ ᠬᠦᠴᠦᠨ ᠢ ᠪᠠᠳᠠᠷᠠᠭᠤᠯᠵᠤ ᠪᠠᠶᠢᠨ᠎ᠠ᠃      ᠲᠤᠰ ᠬᠤᠰᠢᠭᠤᠨ ᠤ ᠮᠠᠯᠴᠢᠨ ᠢᠳᠡᠭᠡᠨ ᠤ ᠬᠢᠵᠠᠭᠠᠷᠲᠤ ᠺᠣᠮᠫᠠᠨᠢ ᠶᠢᠨ ︽ᠠᠮᠳᠠᠳᠠᠢ︾ ᠴᠠᠭᠠᠨ ᠢᠳᠡᠭᠡᠨ ᠪᠣᠯᠪᠠᠰᠤᠷᠠᠭᠤᠯᠬᠤ ᠦᠢᠯᠡᠳᠪᠦᠷᠢ ᠨᠢ ᠤᠯᠠᠮᠵᠢᠯᠠᠯᠲᠤ ᠴᠠᠭᠠᠨ ᠢᠳᠡᠭᠡᠨ ᠤ ᠰᠠᠭᠤᠷᠢᠨ ᠳᠡᠭᠡᠷ᠎ᠡ ᠡᠳᠦᠢ ᠲᠡᠳᠦᠢ ᠰᠢᠷᠠᠰᠤᠨ ᠤᠮᠳᠠᠭᠠᠨ᠂ ᠰᠢᠷᠠᠰᠤ ᠪᠠᠷ ᠨᠤᠬᠤᠭᠰᠠᠨ ᠭᠤᠯᠢᠷ ᠢᠳᠡᠭᠡᠨ ᠵᠡᠷᠭᠡ ᠦᠢᠯᠡᠳᠬᠦᠨ ᠬᠢᠵᠦ᠂ ᠤᠯᠠᠮᠵᠢᠯᠠᠯᠲᠤ ᠬᠠᠳᠠᠭᠠᠭᠰᠠᠨ ᠦᠷᠦᠮ᠎ᠡ ᠠᠴᠠ ᠭᠠᠳᠠᠨ᠎ᠠ ᠪᠠᠰᠠ ᠬᠠᠳᠠᠭᠠᠭᠰᠠᠨ ᠦᠷᠦᠮ᠎ᠡ ᠳᠤ ᠪᠠᠨ ᠵᠢᠮᠢᠰ ᠤᠨ ᠬᠠᠲᠠᠭᠠᠮᠠᠯ᠂ ᠬᠠᠲᠠᠭᠤ ᠵᠢᠮᠢᠰ ᠨᠡᠮᠡᠵᠦ ᠬᠠᠭᠰᠠᠭᠠᠭᠠᠳ᠂ ᠰᠠᠷᠬᠢᠨᠠᠭ ᠲᠠᠢ ᠬᠠᠳᠠᠭᠠᠭᠰᠠᠨ ᠦᠷᠦᠮ᠎ᠡ᠂ ᠬᠠᠳᠠᠭᠠᠭᠰᠠᠨ ᠦᠷᠦᠮ᠎ᠡ ᠶᠢᠨ ᠣᠷᠢᠶᠠᠮᠠᠭ ᠮᠡᠲᠦ ᠶᠢᠨ ᠦᠢᠯᠡᠳᠬᠦᠨ ᠬᠢᠵᠦ᠂ ᠠᠮᠳᠠ ᠰᠢᠮᠳᠡ ᠨᠢ ᠬᠡᠷᠡᠭᠯᠡᠭᠴᠢᠳ ᠤᠨ ᠠᠩᠬᠠᠷᠤᠯ ᠢ ᠲᠠᠲᠠᠵᠤ᠂ ᠮᠠᠰᠢ ᠰᠠᠶᠢᠨ ᠲᠤᠰᠬᠠᠯ ᠭᠠᠷᠤᠭᠰᠠᠨ ᠪᠠᠶᠢᠨ᠎ᠠ᠃
  传统奶制品走出“深闺”01.jpg
      ᠶᠠᠮᠠᠷᠪᠠ ᠨᠢᠭᠡ ᠵᠦᠢᠯ ᠤᠨ ᠪᠦᠲᠦᠭᠡᠭᠳᠡᠬᠦᠨ ᠤ ᠤᠯᠠᠮᠵᠢᠯᠠᠯ ᠪᠠ ᠬᠥᠭᠵᠢᠯᠲᠡ ᠨᠢ ᠴᠥᠮ ᠲᠦᠷᠦᠯ ᠲᠡᠮᠳᠡᠭ ᠤᠨ ᠪᠤᠶᠢᠵᠢᠯᠲᠠ ᠠᠴᠠ ᠰᠠᠯᠵᠤ ᠴᠢᠳᠠᠬᠤ ᠦᠭᠡᠢ ᠶᠤᠮ᠂ ᠥᠪᠥᠷ ᠮᠣᠩᠭᠤᠯ ᠤᠨ ᠮᠠᠯᠴᠢᠨ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠭᠦᠳᠦᠭᠰᠡᠨ ᠨᠡᠷ᠎ᠡ ᠲᠡᠮᠳᠡᠭᠳᠦ ︽ᠠᠮᠳᠠᠳᠠᠢ︾ ᠴᠠᠭᠠᠨ ᠢᠳᠡᠭᠡᠨ ᠤ ᠵᠦᠢᠯ ᠨᠢ ᠬᠥᠭᠵᠢᠯᠲᠡ ᠶᠢᠨ ᠶᠠᠪᠤᠴᠠ ᠳᠤ ᠨᠢᠭᠡ ᠲᠠᠯ᠎ᠠ ᠪᠠᠷ ᠪᠦᠲᠦᠭᠡᠭᠳᠡᠬᠦᠨ ᠤ ᠰᠢᠨ᠎ᠡ ᠶᠢ ᠡᠭᠦᠳᠴᠦ᠂ ᠨᠦᠭᠦᠭᠡ ᠲᠠᠯ᠎ᠠ ᠪᠠᠷ ᠢᠳᠡᠭᠡᠨ ᠤ ᠵᠦᠢᠯ ᠦᠢᠯᠡᠳᠪᠦᠷᠢᠯᠡᠬᠦ ︵sc︶ ᠵᠥᠪᠰᠢᠶᠡᠷᠡᠯ ᠤᠨ ᠦᠨᠡᠮᠯᠡᠯ ᠢ ᠭᠤᠶᠤᠴᠢᠯᠠᠬᠤ ᠪᠠᠷ ᠳᠠᠮᠵᠢᠨ ᠲᠦᠷᠦᠯ ᠲᠡᠮᠳᠡᠭ ᠤᠨ ᠠᠯᠳᠠᠷᠰᠢᠯ ᠪᠠ ᠥᠷᠢᠰᠦᠯᠳᠦᠬᠦ ᠬᠦᠴᠦᠨ ᠢᠶᠠᠨ ᠲᠡᠭᠡᠭᠰᠢᠯᠡᠬᠦᠯᠪᠡ᠃ ᠬᠤᠶᠠᠷ ᠵᠢᠯ ᠰᠢᠬᠠᠮ ᠪᠡᠯᠡᠳᠬᠡᠨ ᠪᠠᠶᠢᠭᠤᠯᠬᠤ ᠪᠠᠷ ᠳᠠᠮᠵᠢᠭᠠᠳ᠂ 800 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ 2000 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠡᠳᠦᠷ ᠲᠤ 8000 ᠵᠢᠩ ᠰᠢᠨ᠎ᠡ ᠰᠦ ᠪᠣᠯᠪᠠᠰᠤᠷᠠᠭᠤᠯᠬᠤ cip ᠰᠢᠰᠲ᠋ᠧᠮ ᠤᠨ ᠬᠠᠭᠠᠰ ᠠᠦ᠋ᠲ᠋ᠣᠴᠢᠯᠠᠭᠰᠠᠨ ᠴᠠᠭᠠᠨ ᠢᠳᠡᠭᠡᠨ ᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠪᠠᠰᠠ ᠢᠳᠡᠭᠡᠨ ᠤ ᠵᠦᠢᠯ ᠦᠢᠯᠡᠳᠪᠦᠷᠢᠯᠡᠬᠦ ︵sc︶ ᠵᠥᠪᠰᠢᠶᠡᠷᠡᠯ ᠤᠨ ᠦᠨᠡᠮᠯᠡᠯ ᠢ ᠤᠷᠤᠭᠰᠢᠲᠠᠢ ᠣᠯᠵᠤ᠂ ︽ᠠᠮᠳᠠᠳᠠᠢ︾ ᠴᠠᠭᠠᠨ ᠢᠳᠡᠭᠡᠨ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠲᠣᠰ ᠦᠨᠡᠮᠯᠡᠯ ᠢ ᠣᠯᠣᠭᠰᠠᠨ ᠠᠩᠬᠠᠳᠠᠭᠴᠢ ᠤᠯᠠᠮᠵᠢᠯᠠᠯᠲᠤ ᠴᠠᠭᠠᠨ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠪᠣᠯᠤᠭᠰᠠᠨ ᠪᠠᠶᠢᠨ᠎ᠠ᠃
  传统奶制品走出“深闺”02.jpg
   ᠲᠤᠰ ᠺᠤᠮᠫᠠᠨᠢ ᠤᠤᠯ ᠳᠠᠭᠠᠨ ᠵᠢᠵᠢᠭ ᠦᠢᠯᠡᠳᠭᠡᠯ ᠤᠨ ᠦᠨᠡᠮᠯᠡᠯ ᠲᠠᠢ ᠪᠠᠶᠢᠭᠰᠠᠨ ᠦᠶᠡᠰ᠂ ᠦᠢᠯᠡᠳᠭᠡᠬᠦᠨ ᠤ ᠴᠢᠨᠡᠷ ᠨᠢ ᠬᠡᠴᠢᠨᠡᠨ ᠰᠠᠶᠢᠨ ᠪᠠᠶᠢᠭᠰᠠᠨ ᠴᠦ ᠪᠤᠷᠤᠯᠠᠭᠤᠯᠭ᠎ᠠ ᠨᠢ ᠤᠷᠤᠨ ᠨᠤᠳᠤᠭ ᠠᠴᠠ ᠪᠠᠨ ᠭᠠᠷᠴᠤ ᠲᠡᠶᠢᠯᠬᠦ ᠦᠭᠡᠢ ᠪᠠᠶᠢᠵᠠᠢ᠂ ᠢᠳᠡᠭᠡᠨ ᠤ ᠵᠦᠢᠯ ᠦᠢᠯᠡᠳᠪᠦᠷᠢᠯᠡᠬᠦ ︵sc︶ ᠵᠥᠪᠰᠢᠶᠡᠷᠡᠯ ᠤᠨ ᠦᠨᠡᠮᠯᠡᠯ ᠤᠯᠤᠭᠰᠠᠨ ᠠᠴᠠ ᠨᠠᠰᠢ ᠲᠤᠰ ᠺᠤᠮᠫᠠᠨᠢ ᠶᠢᠨ ᠦᠢᠯᠡᠳᠬᠦᠨ ᠨᠢ ᠡᠯ᠎ᠡ ᠲᠣᠮᠣ ᠬᠤᠳᠠᠯᠳᠤᠭᠠᠨ ᠤ ᠬᠡᠳᠦ ᠳᠡᠯᠭᠡᠭᠦᠷ᠂ ᠡᠯ᠎ᠡ ᠲᠠᠪᠴᠠᠩ ᠳᠤ ᠪᠦᠷ ᠣᠷᠣᠵᠤ ᠪᠤᠯᠬᠤ ᠪᠤᠯᠵᠤ᠂ ᠪᠣᠷᠤᠯᠠᠭᠤᠯᠭ᠎ᠠ  ᠶᠢᠨ ᠬᠡᠮᠵᠢᠶ᠎ᠡ ᠨᠢ ᠨᠡᠩ ᠰᠠᠶᠢᠵᠢᠷᠠᠭᠰᠠᠨ ᠪᠠᠶᠢᠨ᠎ᠠ᠃
  传统奶制品走出“深闺”03.jpg   
     ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡ ᠨᠢ ᠭᠡᠷ ᠪᠦᠯᠢ ᠶᠢᠨ ᠦᠢᠯᠡᠳᠬᠡᠯ ᠢᠶᠠᠷ ᠭᠤᠣᠯᠯᠠᠵᠤ᠂ ᠬᠡᠪᠴᠢᠶ᠎ᠡ ᠦᠭᠡᠢ᠂ ᠵᠠᠬ᠎ᠠ ᠳᠡᠯᠭᠡᠭᠦᠷ ᠤᠨ ᠬᠠᠳᠠᠭᠠᠯᠠᠮᠵᠢ ᠶᠢᠨ ᠬᠡᠮᠵᠢᠶ᠎ᠡ ᠨᠢ ᠶᠡᠭᠡ ᠪᠢᠰᠢ ᠪᠠᠶᠢᠵᠤ᠂ ᠨᠢᠭᠡ ᠦᠶ᠎ᠡ ︽ᠭᠡᠷ ᠤᠨ ᠮᠤᠬᠤᠷ ᠲᠠᠭᠠᠨ ᠬᠤᠷᠢᠭᠳᠠᠵᠤ ᠮᠡᠳᠡᠬᠦ ᠬᠦᠮᠦᠨ ᠴᠦᠬᠡᠨ︾ ᠪᠠᠶᠢᠪᠠ᠃ ᠣᠶᠢᠷ᠎ᠠ ᠶᠢᠨ ᠵᠢᠯ ᠳᠤ᠂ ︽ᠠᠮᠳᠠᠳᠠᠢ︾ ᠴᠠᠭᠠᠨ ᠢᠳᠡᠭᠡᠨ ᠨᠢ ᠲᠠᠰᠤᠷᠠᠯᠲᠠ ᠦᠭᠡᠢ ᠲᠤᠷᠰᠢᠵᠤ᠂ ᠲᠠᠰᠤᠷᠠᠯᠲᠠ ᠦᠭᠡᠢ ᠰᠢᠨ᠎ᠡ ᠶᠢ ᠡᠭᠦᠳᠬᠦ ᠪᠠᠷ ᠲᠠᠮᠵᠢᠨ᠂ ᠲᠤᠰᠬᠠᠶᠢᠵᠢᠯᠳᠠ᠂ ᠪᠠᠷᠢᠮᠵᠢᠶᠠᠵᠢᠯᠳᠠ ᠲᠡᠰᠢ ᠬᠦᠭᠵᠢᠵᠦ᠂ ᠬᠤᠷᠤᠳ᠂ ᠬᠠᠳᠠᠭᠠᠭᠰᠠᠨ ᠦᠷᠦᠮ᠎ᠡ᠂ ᠰᠢᠷ᠎ᠠ ᠲᠣᠰᠣ᠂ ᠪᠢᠰᠢᠯᠠᠭ᠂  ᠵᠦᠭᠡᠬᠡᠢ ᠵᠡᠷᠭᠡ 90 ᠭᠠᠷᠤᠢ ᠵᠦᠢᠯ ᠤᠨ ᠤᠯᠠᠮᠵᠢᠯᠠᠯᠲᠤ ᠪᠠ ᠤᠳᠤ ᠦᠶ᠎ᠡ ᠶᠢᠨ ᠬᠢ ᠶᠢ ᠤᠶᠠᠯᠳᠤᠭᠤᠯᠤᠭᠰᠠᠨ ᠴᠠᠭᠠᠨ ᠢᠳᠡᠭᠡᠨ ᠤ ᠪᠤᠷᠤᠯᠠᠭᠤᠯᠭ᠎ᠠ ᠨᠢ ᠠᠭᠠᠵᠢᠮ ᠢᠶᠠᠷ ᠰᠠᠶᠢᠵᠢᠷᠠᠭᠰᠠᠨ ᠪᠠᠶᠢᠨ᠎ᠠ᠃ 
  传统奶制品走出“深闺”04.jpg  
    ᠲᠤᠰ ᠺᠤᠮᠫᠠᠨᠢ ᠶᠢᠨ ᠪᠣᠷᠤᠯᠠᠭᠤᠯᠭ᠎ᠠ ᠶᠢᠨ ᠠᠷᠭ᠎ᠠ ᠵᠠᠮ ᠨᠢ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠪᠠ ᠪᠣᠳᠠᠲᠤ ᠴᠣᠭᠴᠠ ᠶᠢᠨ ᠳᠡᠯᠭᠡᠭᠦᠷ ᠤᠨ ᠪᠣᠷᠤᠯᠠᠭᠤᠯᠭ᠎ᠠ ᠬᠤᠶᠠᠷ ᠵᠦᠢᠯ ᠪᠣᠯᠣᠨ᠎ᠠ᠂ ᠪᠦᠲᠦᠭᠡᠭᠳᠡᠬᠦᠨ ᠨᠢ ᠪᠡᠭᠡᠵᠢᠩ ᠱᠠᠩᠬᠠᠢ ᠭᠤᠸᠠᠩᠵᠧᠦ ᠱᠧᠨᠵᠧᠨ ᠪᠤᠶᠤ ᠡᠮᠦᠨᠡᠲᠦ ᠣᠷᠣᠨ ᠢᠶᠠᠷ ᠦᠷᠭᠡᠨ ᠢᠶᠠᠷ ᠪᠤᠷᠤᠯᠠᠭᠤᠯᠤᠭᠳᠠᠵᠤ᠂ ᠬᠥᠮᠥᠰ ᠤᠨ ᠬᠦᠷᠢᠶᠡᠯᠡᠯ ᠢ ᠶᠡᠬᠡᠳᠡ ᠣᠯᠵᠤ᠂ 2023 ᠣᠨ ᠤ ᠪᠣᠷᠤᠯᠠᠭᠤᠯᠭ᠎ᠠ ᠶᠢᠨ ᠬᠡᠮᠵᠢᠶ᠎ᠡ 600 ᠲᠦᠮᠡᠨ ᠲᠦᠭᠦᠷᠢᠭ ᠬᠦᠷᠴᠦ᠂ ︿SC﹀ ᠦᠨᠡᠮᠯᠡᠯ ᠤᠯᠤᠭᠰᠠᠨ ᠤ ᠳᠠᠷᠠᠭ᠎ᠠ᠂ ᠡᠯ᠎ᠡ ᠲᠠᠪᠴᠠᠩ ᠳᠤ ᠴᠢᠯᠦᠭᠡᠳᠡᠢ ᠪᠤᠷᠤᠯᠠᠭᠤᠯᠤᠭᠳᠠᠬᠤ ᠪᠣᠯᠵᠤ᠂  2024 ᠤᠨ ᠤ ᠪᠣᠷᠤᠯᠠᠭᠤᠯᠭ᠎ᠠ ᠶᠢᠨ ᠬᠡᠮᠵᠢᠶ᠎ᠡ ᠨᠢ ᠪᠠᠷᠤᠭ 1500 ᠲᠦᠮᠡᠨ ᠲᠦᠬᠦᠷᠢᠭ ᠬᠦᠷᠬᠦ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号