ᠬᠠᠯᠢᠭᠤᠳᠤ ᠪᠠᠯᠭᠠᠰᠤ ᠵᠠᠯᠠᠭᠤ ᠺᠠᠳ᠋ᠷ ᠤᠨ ᠡᠩᠨᠡᠭᠡ ᠶᠢ ᠰᠢᠯᠢᠳᠡᠭᠵᠢᠬᠦᠯᠵᠥ ᠪᠠᠶᠢᠨ᠎ᠠ
ᠨᠡᠶᠢᠲᠡᠯᠡᠭᠰᠡᠨ ᠴᠠᠭ᠄
2024/4/8
   ᠵᠠᠯᠠᠭᠤ ᠺᠠᠳ᠋ᠷᠴᠤᠳ ᠤᠨ ᠦᠰᠦᠨ ᠪᠤᠶᠢᠵᠢᠯᠲᠠ ᠶᠢᠨ ᠬᠡᠯᠬᠢᠶ᠎ᠡ   ᠶᠢ ᠴᠤᠬᠴᠠᠯᠠᠵᠥ᠂ ᠬᠠᠷᠢᠭᠤᠴᠠᠯᠭ᠎ᠠ ᠂ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠵᠦ᠂ ᠬᠥᠮᠥᠨ ᠪᠦᠷᠢ ᠨᠠᠭᠠᠲᠤ ᠵᠠᠬ᠎ᠠ ᠳᠠᠭᠠᠨ ᠭᠤᠤᠯ ᠲᠡᠳ᠋ ᠬᠤᠶᠠᠷ ᠠᠵᠢᠯ ᠤᠨ ᠪᠠᠶᠢᠷᠢ ᠶᠢ ᠬᠠᠮᠲᠤ ᠳᠤᠨᠢ ᠬᠠᠷᠠᠭᠠᠯᠵᠠᠵᠤ᠂ ᠪᠥᠬᠦ ᠪᠠᠯᠭᠠᠰᠤᠨ ᠤ ᠵᠠᠯᠠᠭᠤ ᠺᠠᠳ᠋ᠷᠴᠤᠳ ᠤᠨ  ᠪᠥᠬᠦ ᠬᠡᠯᠬᠢᠶ᠎ᠡ  ᠶᠢᠨ ᠬᠥᠭᠵᠢᠯᠲᠡ ᠶᠢ ᠦᠨᠡᠨ ᠬᠦ ᠪᠠᠳᠤᠯᠠᠪᠠ᠃   ᠲᠠᠪᠳᠠᠨ ᠪᠤᠯᠪᠠᠰᠤᠷᠠᠬᠤ ᠶᠢ ᠴᠢᠬᠤᠯᠠᠴᠢᠯᠠᠵᠥ᠂  ᠵᠠᠯᠠᠭᠤ ᠺᠠᠳ᠋ᠷᠴᠤᠳ ᠬᠢᠴᠢᠶᠡᠯ  ᠲᠠᠶᠢᠯᠪᠤᠷᠢᠯᠠᠬᠤ  ᠠᠵᠢᠯ ᠢ  ᠡᠬᠢᠯᠡᠬᠦᠯᠦᠨ᠂  ᠵᠠᠯᠠᠭᠤ ᠺᠠᠳ᠋ᠷᠴᠤᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠳᠤ ᠲᠠᠪᠴᠠᠩ ᠤᠯᠭᠤᠪᠠ ᠃ ᠣᠲᠣ ᠪᠣᠯᠲᠠᠯ᠎ᠠ᠂ ᠨᠢᠭᠡᠨᠲᠡ 3 ᠬᠤᠭᠤᠴᠠᠭ᠎ᠠ ᠡᠷᠭᠢᠯᠡᠵᠦ᠂ ᠨᠡᠶᠢᠲᠡ 6 ᠰᠢᠯᠢᠳᠡᠭ ᠵᠠᠯᠠᠭᠤ ᠺᠠᠳ᠋ᠷ ᠲᠠᠶᠢᠰᠠᠨ ᠳᠤ ᠭᠠᠷᠴᠤ ᠶᠠᠷᠢᠶ᠎ᠠ ᠲᠠᠯᠪᠢᠪᠠ᠃     ᠴᠢᠳᠠᠪᠤᠷᠢ ᠶᠢ ᠳᠡᠭᠡᠭᠰᠢᠯᠡᠭᠦᠯᠬᠦ ᠶᠢ ᠬᠦᠨᠳᠦᠳᠭᠡᠵᠥ᠂ ᠵᠠᠯᠠᠭᠤ ᠺᠠᠳ᠋ᠷᠴᠤᠳ ᠢ ᠱᠠᠯᠠᠪᠳᠠᠨ ᠢᠯᠡᠬᠦᠦ ᠪᠢᠷ ᠬᠦᠳᠡᠯᠭᠡᠬᠦ ᠶᠢ ᠵᠤᠷᠢᠬᠵᠢᠭᠤᠯᠤᠨ᠂   ᠵᠠᠯᠠᠭᠤ ᠺᠠᠳ᠋ᠷᠴᠤᠳ ᠪᠦᠭᠦᠳᠡᠭᠡᠷ ᠢᠶᠠᠨ ᠡᠬᠡ ᠪᠢᠴᠢᠭ ᠪᠢᠴᠢᠬᠦ ᠳᠦᠷᠢᠮ ᠢ ᠬᠡᠷᠡᠭᠵᠢᠭᠦᠯᠵᠦ᠂ ᠬᠥᠮᠥᠨ ᠪᠦᠷᠢ ᠰᠠᠷ᠎ᠠ ᠳᠤ ᠠᠳᠠᠭ ᠲᠠᠭᠠᠨ 1 ᠬᠤᠪᠢ ᠪᠦᠷᠢᠨ ᠪᠦᠲᠦᠨ ᠡᠬᠡ ᠪᠢᠴᠢᠭ ᠢ ᠳᠡᠭᠡᠭᠰᠢ ᠮᠡᠳᠡᠭᠦᠯᠵᠦ᠂ ᠡᠬᠡ ᠪᠢᠴᠢᠭ ᠪᠢᠴᠢᠬᠦ ᠬᠢᠷᠢ ᠬᠡᠮᠵᠢᠶ᠎ᠡ ᠪᠠᠨ ᠦᠨᠡᠨ ᠬᠦ ᠳᠡᠭᠡᠭᠰᠢᠯᠡᠭᠦᠯᠬᠦ  ᠶᠢ ᠱᠠᠭᠠᠷᠳᠠᠵᠥ᠂ ︽ᠴᠥᠭᠡᠨ ᠲᠣᠭᠠᠨ ᠤ ᠬᠥᠮᠥᠨ ᠪᠢᠴᠢᠵᠦ᠂ ᠣᠯᠠᠩᠬᠢ ᠲᠣᠭᠠᠨ ᠤ ᠬᠥᠮᠥᠨ ᠦᠵᠡᠬᠦ︾  ᠪᠠᠶᠢᠳᠠᠯ ᠢ ᠬᠤᠪᠢᠷᠠᠭᠤᠯᠪᠠ᠃
海鲁吐镇“三个聚焦”培优育强年轻干部队伍.jpg
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号