4 ᠰᠠᠷ᠎ᠠ ᠶᠢᠨ 2 ᠤᠨ ᠡᠳᠦᠷ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ 2024 ᠣᠨ ᠤ 4 ᠳ᠋ᠦᠭᠡᠷ ᠤᠳᠠᠭ᠎ᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ | ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ | ᠪᠦᠦ ᠡᠷᠭᠢᠯᠡᠵᠦ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠯᠢᠦ ᠶᠢᠨ ᠱᠧᠩ᠂ ᠲᠦᠩ ᠭᠦᠸᠧ | ᠪᠢᠶᠣᠣ᠂ ᠸᠠᠩ ᠶᠢᠨ ᠴᠢᠶᠠᠩ᠂ ᠰᠢᠶᠠᠩ ᠭᠦᠸᠧ ᠸᠧᠢ᠂ ᠯᠢ ᠸᠧᠢ ᠮᠢᠩ᠂ ᠱᠤᠸᠠᠩ ᠵᠤ᠋᠂ ᠲᠤᠸ ᠵᠧᠩ ᠯᠢᠶᠠᠩ | ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠸᠠᠩ ᠶᠢᠨ ᠱᠠᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠸᠠᠩ ᠹᠦ᠋ ᠷᠦᠩ ᠬᠤᠷᠠᠯ ᠳᠤ ᠰᠤᠯᠠ ᠣᠷᠣᠯᠴᠠᠵᠠᠢ᠃ | | ᠬᠤᠷᠠᠯ ᠠᠴᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2024 ᠣᠨ ᠤ ᠲᠠᠷᠢᠶᠠᠯᠠᠩ ᠮᠠᠯ ᠠᠵᠤ | ᠠᠬᠤᠢ ᠶᠢᠨ ᠭᠤᠣᠯᠳᠠᠯᠭ᠎ᠠ ᠲᠠᠢ ᠲᠥᠷᠥᠯ ᠵᠦᠢᠯ᠂ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠤᠷᠠᠢ ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠰᠤᠳᠤᠯᠵᠤ᠂ ︽ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠳᠦᠷᠢᠮ ᠤᠨ ᠡᠮᠬᠢᠳᠬᠡᠯ︾ ᠵᠡᠷᠭᠡ | ᠵᠦᠢᠯᠡᠰ ᠢ ᠬᠢᠨᠠᠨ ᠵᠥᠪᠯᠡᠪᠡ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠠᠷᠢᠶᠠᠯᠠᠩ ᠮᠠᠯ | ᠠᠵᠤ ᠠᠬᠤᠢ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠠᠤᠯᠢ | ᠲᠣᠭᠲᠠᠭᠠᠯ ᠶᠣᠰᠣᠭᠠᠷ ᠰᠠᠶᠢᠲᠤᠷ ᠬᠢᠵᠦ᠂ ᠰᠠᠭᠤᠷᠢ ᠲᠤᠭ᠎ᠠ ᠶᠢ ᠣᠨᠣᠪᠴᠢᠲᠠᠶ ᠣᠶᠢᠯᠠᠭᠠᠨ᠂ ᠲᠥᠷᠥᠯ ᠬᠤᠪᠢᠶᠠᠨ | ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠥᠷᠨᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠤᠨ ᠳᠤᠲᠠᠭᠤᠳᠠᠯ ᠢ ᠤᠷᠢᠳᠠᠪᠠᠷ ᠨᠥᠬᠦᠪᠦᠷᠢᠯᠡᠵᠦ᠂ ᠨᠡᠩ ᠲᠥᠪ | ᠭᠤᠣᠯᠴᠢ ᠨᠡᠩ ᠴᠢᠨᠠᠷ ᠰᠠᠶᠢᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ᠃ ᠡᠯ᠎ᠡ | ᠰᠠᠯᠠᠭ᠎ᠠ ᠮᠥᠴᠢᠷ ᠨᠢᠭᠡᠴᠡ ᠨᠦᠭᠦᠳ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠦᠢᠯᠡᠴᠢᠯᠡᠭᠡᠨ ᠤ | ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠠᠵᠢᠯ ᠤᠨ ᠲᠣᠭᠲᠠᠴᠠ ᠶᠢ ᠰᠢᠯᠤᠭᠤᠳᠬᠠᠨ᠂ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠲᠤᠰᠬᠠᠢ ᠬᠥᠮᠥᠨ ᠢᠶᠠᠷ ᠬᠠᠷᠢᠭᠤᠴᠠᠬᠤ ᠶᠢ | ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠢᠷᠢ ᠬᠡᠮᠵᠢᠶ᠎ᠡ ᠪᠠᠨ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠶᠠᠷᠢᠯᠴᠠᠨ ᠰᠤᠳᠤᠯᠪᠠ᠃ | |