ᠭᠦᠸᠧ ᠲᠢᠶᠠᠨ ᠪᠦᠦ ᠱᠧᠩ ᠯᠢ ᠲᠠᠷᠢᠶᠠᠯᠠᠩ ᠤᠨ ᠲᠠᠯᠠᠪᠠᠢ ᠶᠢᠨ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠵᠢᠴᠢ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠲᠠᠷᠢᠬᠤ ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠶᠢᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/5/10
    5 ᠰᠠᠷ᠎ᠠ ᠶᠢᠨ 9  ᠤ ᠡᠳᠦᠷ᠂ ᠱᠧᠩ ᠯᠢ ᠲᠠᠷᠢᠶᠠᠯᠠᠩ ᠤᠨ ᠲᠠᠯᠠᠪᠠᠢ ᠶᠢᠨ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠵᠢᠴᠢ ᠰᠢᠨ᠎ᠡ ᠰᠤᠷᠭᠤᠭ ᠢᠳᠡᠭᠡᠨ ᠤ ᠡᠷᠳᠡᠨᠢ ᠰᠢᠰᠢ ᠲᠠᠷᠢᠬᠤ ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠶᠢᠨ ᠬᠤᠷᠠᠯ ᠱᠧᠩ ᠯᠢ ᠲᠠᠷᠢᠶᠠᠯᠠᠩ ᠤᠨ ᠲᠠᠯᠠᠪᠠᠢ ᠶᠢᠨ ᠭᠤᠷᠪᠠᠳᠤᠭᠠᠷ ᠬᠤᠪᠢᠶᠠᠷᠢ ᠲᠠᠯᠠᠪᠠᠢ ᠳᠤ ᠶᠠᠪᠤᠭᠳᠠᠪᠠ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠪᠠᠷᠢᠯᠭ᠎ᠠ᠂ ᠭᠠᠵᠠᠷ ᠲᠡᠭᠰᠢᠯᠡᠨ ᠲᠠᠷᠢᠬᠤ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠪᠠ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠠᠷᠢᠶᠠᠯᠠᠩ ᠤᠨ ᠮᠠᠰᠢᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠵᠡᠷᠭᠡ ᠮᠠᠰᠢᠨ ᠲᠥᠬᠦᠭᠡᠷᠦᠮᠵᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠲᠤᠬᠠᠢ ᠶᠢᠨ ᠲᠠᠯᠠᠪᠠᠢ ᠶᠢᠨ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠡᠷᠳᠡᠨᠢ ᠰᠢᠰᠢ ᠶᠢ ᠨᠢᠭᠲᠠ ᠲᠠᠷᠢᠬᠤ ᠮᠡᠷᠭᠡᠵᠢᠯ ᠤᠨ ᠮᠡᠳᠡᠯᠭᠡ ᠶᠢ ᠣᠨᠣᠪᠴᠢᠲᠠᠢ ᠲᠣᠬᠢᠷᠠᠭᠤᠯᠤᠨ ᠡᠵᠡᠮᠳᠡᠬᠦ ᠲᠤᠬᠠᠢ ᠲᠠᠶᠢᠯᠪᠤᠷᠢᠯᠠᠬᠤ ᠶᠢ ᠰᠣᠨᠣᠰᠴᠠᠢ᠃
  郭天宝出席胜利农场玉米大豆01.jpg郭天宝出席胜利农场玉米大豆02.jpg    
     ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠠᠵᠢᠯᠯᠠᠭ᠎ᠠ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠭᠤᠣᠯ ᠬᠠᠷᠢᠭᠤᠴᠠᠯᠭᠠᠲᠠᠨ᠂ ᠱᠧᠩ ᠯᠢ ᠲᠠᠷᠢᠶᠠᠯᠠᠩ ᠤᠨ ᠲᠠᠯᠠᠪᠠᠶ ᠶᠢᠨ ᠪᠥᠬᠦ ᠪᠠᠭ ᠤᠨ ᠪᠦᠷᠢᠯᠳᠦᠭᠦᠨ ᠵᠢᠴᠢ ᠬᠡᠰᠡᠭ ᠠᠵᠤ ᠠᠬᠤᠶᠢᠯᠠᠯ᠂ ᠲᠠᠷᠢᠮᠠᠯ ᠤᠨ ᠦᠢᠯᠡᠰ ᠤᠨ ᠬᠤᠷᠰᠢᠶ᠎ᠠ ᠪᠠ ᠲᠠᠷᠢᠮᠠᠯ ᠤᠨ ᠲᠣᠮᠣ ᠡᠷᠦᠬᠡ ᠲᠣᠰ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号