ᠰᠢᠳᠠᠮᠠᠬᠠᠢ ᠬᠡᠢ ᠬᠡᠷᠡᠭᠯᠡᠬᠦ ᠳᠤ ᠠᠩᠬᠠᠷᠤᠨ ᠬᠠᠷᠠᠵᠤ ᠪᠠᠶᠢᠭᠠᠷᠠᠢ | ᠰᠢᠳᠠᠮᠠᠬᠠᠢ ᠬᠡᠢ ᠬᠡᠷᠡᠭᠯᠡᠬᠦ ᠭᠡᠷ ᠤᠨ ᠡᠭᠦᠳᠡ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ᠂ ᠬᠤᠭᠤᠯᠠ ᠬᠢᠬᠦ᠂ | ᠤᠰᠤ ᠪᠤᠴᠠᠯᠭᠠᠬᠤ ᠦᠶ᠎ᠡ ᠳᠤ ᠬᠠᠷᠠᠵᠤ ᠬᠠᠷᠠᠭᠠᠯᠵᠠᠬᠤ ᠬᠥᠮᠥᠨ ᠪᠠᠶᠢᠬᠤ ᠬᠡᠷᠡᠭᠲᠡᠢ᠂ ᠱᠥᠯᠥᠨ ᠤ ᠤᠰᠤ | ᠪᠤᠴᠠᠯᠤᠭᠠᠳ ᠭᠠᠯ ᠢ ᠤᠨᠳᠠᠷᠠᠭᠠᠵᠤ ᠬᠡᠢ ᠯᠡᠪᠡᠷᠡᠬᠦ ᠠᠴᠠ ᠰᠡᠷᠭᠡᠶᠢᠯᠡᠬᠦ ᠬᠡᠷᠡᠭᠲᠡᠢ᠃ | ᠰᠢᠩᠭᠡᠵᠢᠮᠠᠯ ᠬᠡᠢ ᠶᠢᠨ ᠰᠠᠪᠠ ᠶᠢ ᠪᠢᠲᠡᠭᠡᠢ ᠬᠥᠨᠳᠡᠯᠡᠨ ᠲᠠᠯᠪᠢᠭᠠᠷᠠᠢ | ᠰᠢᠩᠭᠡᠨᠵᠢᠮᠡᠯ ᠬᠡᠢ ᠶᠢᠨ ᠪᠣᠯᠣᠳ ᠰᠠᠪᠠ ᠶᠢ ᠬᠡᠷᠡᠭᠯᠡᠬᠦ ᠦᠶ᠎ᠡ ᠳᠤ᠂ ᠪᠣᠯᠣᠳ ᠰᠠᠪᠠ ᠶᠢ ᠡᠷᠬᠡᠪᠰᠢ ᠠᠰᠬᠠᠨ | ᠪᠠᠶᠢᠯᠭᠠᠬᠤ ᠬᠡᠷᠡᠭᠲᠡᠢ᠂ ᠬᠠᠯᠠᠭᠠᠬᠤ᠂ ᠲᠣᠩᠭᠤᠷᠤᠭᠤᠯᠬᠤ᠂ ᠬᠥᠨᠳᠡᠯᠡᠨ ᠢᠶᠠᠷ ᠲᠠᠯᠪᠢᠬᠤ᠂ ᠰᠠᠵᠢᠯᠠᠭᠤᠯᠬᠤ ᠵᠡᠷᠭᠡ | ᠠᠷᠭ᠎ᠠ ᠪᠠᠷ ᠰᠢᠩᠭᠡᠨᠵᠢᠮᠡᠯ ᠬᠡᠢ ᠶᠢ ᠬᠡᠷᠡᠭᠯᠡᠵᠦ ᠪᠣᠯᠬᠤ ᠦᠭᠡᠢ᠃ | ᠰᠢᠲᠠᠮᠠᠬᠠᠢ ᠬᠡᠢ ᠶᠢᠨ ᠲᠥᠬᠦᠭᠡᠷᠦᠮᠵᠢ ᠲᠡᠭᠡᠷ᠎ᠡ ᠬᠦᠨᠳᠦ ᠶᠠᠭᠤᠮ᠎ᠠ ᠡᠯᠭᠦᠵᠦ ᠦᠭᠡᠢ | ᠰᠢᠲᠠᠮᠠᠬᠠᠢ ᠬᠡᠢ ᠶᠢᠨ ᠬᠡᠮᠵᠢᠭᠦᠷ᠂ ᠤᠰᠤ ᠬᠠᠯᠠᠭᠠᠭᠤᠷ ᠵᠡᠷᠭᠡ ᠰᠢᠲᠠᠮᠠᠬᠠᠢ ᠬᠡᠢ ᠶᠢᠨ ᠲᠦᠭᠦᠭᠡᠷᠦᠮᠵᠢ ᠵᠢᠴᠢ | ᠳᠠᠭᠠᠯᠲᠠ ᠬᠤᠭᠤᠯᠠᠢ ᠶᠢ ᠪᠤᠭᠤᠬᠤ ᠦᠭᠡᠢ᠂ ᠰᠢᠲᠠᠮᠠᠬᠠᠢ ᠬᠡᠢ ᠶᠢᠨ ᠲᠦᠭᠦᠭᠡᠷᠦᠮᠵᠢ ᠳᠡᠭᠡᠷ᠎ᠡ ᠡᠳ᠋ ᠪᠣᠳᠠᠰ ᠢ ᠤᠶᠠᠵᠤ | ᠡᠯᠭᠦᠬᠦ ᠦᠭᠡᠢ ᠪᠠᠶᠢᠵᠤ᠂ ᠰᠢᠲᠠᠮᠠᠬᠠᠢ ᠬᠡᠢ ᠯᠡᠪᠡᠷᠡᠬᠦ ᠠᠴᠠ ᠵᠠᠶᠢᠯᠠᠰᠬᠢᠬᠦ ᠬᠡᠷᠡᠭᠲᠡᠢ᠃ | ᠲᠣᠭᠲᠠᠮᠠᠯ ᠬᠤᠭᠤᠴᠠᠭ᠎ᠠ ᠲᠠᠢ ᠪᠠᠶᠢᠴᠠᠭᠠᠵᠤ ᠲᠠᠯᠳᠠ ᠭᠡᠮ ᠰᠤᠭᠤᠭ ᠢ ᠰᠡᠷᠭᠡᠶᠢᠯᠡᠬᠦ ᠬᠡᠷᠡᠭᠳᠡᠢ | ᠲᠣᠭᠤᠭᠠᠨ ᠭᠡᠷ ᠤᠨ ᠰᠢᠲᠠᠮᠠᠬᠠᠢ ᠬᠡᠢ ᠶᠢᠨ ᠭᠤᠮ ᠬᠤᠭᠤᠯᠠᠢ ᠬᠠᠭᠤᠴᠢᠷᠠᠬᠤ᠂ ᠰᠤᠯᠠᠷᠠᠬᠤ ᠦᠵᠡᠭᠳᠡᠯ | ᠪᠠᠶᠢᠬᠤ ᠡᠰᠡᠬᠦ ᠶᠢ ᠦᠷᠭᠦᠯᠵᠢ ᠪᠠᠶᠢᠴᠠᠭᠠᠵᠤ᠂ ᠬᠡᠪ ᠤᠨ ᠪᠤᠰᠤ ᠪᠠᠶᠢᠳᠠᠯ ᠢᠯᠡᠷᠡᠪᠡᠯ ᠴᠠᠭ ᠲᠤᠬᠠᠢ ᠳᠤᠨᠢ ᠲᠤᠰᠬᠠᠢ | ᠮᠡᠷᠭᠡᠵᠢᠯ ᠤᠨ ᠠᠵᠢᠯᠲᠠᠨ ᠲᠠᠢ ᠬᠠᠷᠢᠯᠴᠠᠵᠤ ᠰᠡᠯᠪᠢᠨ ᠵᠠᠰᠠᠵᠤ ᠰᠣᠯᠢᠬᠤ ᠬᠡᠷᠡᠭᠲᠡᠢ᠃ | ᠰᠢᠳᠠᠮᠠᠬᠠᠢ ᠬᠡᠢ ᠯᠡᠪᠡᠷᠡᠪᠡᠯ ᠳ᠋ᠧᠩ ᠠᠰᠠᠭᠠᠵᠤ ᠪᠤᠯᠬᠤ ᠦᠭᠡᠢ | ᠰᠢᠲᠠᠮᠠᠬᠠᠢ ᠬᠡᠢ ᠶᠢᠨ ᠯᠡᠪᠡᠷᠡᠵᠦ ᠪᠠᠶᠢᠬᠤ ᠶᠢ ᠣᠯᠵᠤ ᠮᠡᠳᠡᠪᠡᠯ᠂ ᠬᠡᠢ ᠶᠢᠨ ᠢᠷᠡᠯᠲᠡ ᠶᠢ ᠳᠠᠷᠤᠢ ᠲᠦᠷᠭᠡᠨ | ᠬᠠᠭᠠᠬᠤ ᠬᠡᠷᠡᠭᠲᠡᠢ︔ ᠡᠭᠦᠳᠡ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠦᠨ᠂ ᠴᠠᠬᠢᠯᠭᠠᠨ ᠬᠡᠷᠡᠭᠯᠡᠭᠦᠷ ᠤᠨ | ᠨᠡᠭᠡᠭᠡᠯᠭᠡ ᠶᠢ ᠬᠥᠳᠡᠯᠭᠡᠬᠦ ᠦᠭᠡᠢ᠂ ᠨᠣᠴᠣᠭᠠᠭᠤᠷ ᠵᠡᠷᠭᠡ ᠢᠯᠡ ᠭᠠᠯ ᠢᠶᠠᠷ ᠰᠢᠲᠠᠮᠠᠬᠠᠢ ᠬᠡᠢ ᠶᠢᠨ ᠭᠤᠭᠤᠵᠢᠯᠲᠠ ᠶᠢᠨ | ᠪᠠᠶᠢᠴᠠᠭᠠᠯᠲᠠ ᠬᠢᠬᠦ ᠦᠭᠡᠢ ᠪᠠᠶᠢᠬᠤ ᠬᠡᠷᠡᠭᠲᠡᠢ᠃ | ᠨᠣᠴᠣᠮᠠᠲᠠᠭᠠᠢ ᠪᠣᠳᠠᠰ ᠢ ᠰᠢᠲᠠᠮᠠᠬᠠᠢ ᠬᠡᠢ ᠶᠢᠨ ᠵᠤᠤᠬ᠎ᠠ ᠠᠴᠠ ᠬᠤᠯᠠ ᠪᠠᠶᠢᠯᠭᠠᠬᠤ ᠬᠡᠷᠡᠭᠳᠡᠢ | ᠰᠢᠲᠠᠮᠠᠬᠠᠢ ᠬᠡᠢ ᠶᠢᠨ ᠵᠤᠤᠬ᠎ᠠ ᠶᠢᠨ ᠬᠠᠵᠠᠭᠤ ᠳᠤ ᠬᠡᠷᠪᠡ ᠠᠮᠠᠷᠬᠠᠨ ᠰᠢᠲᠠᠬᠤ ᠪᠣᠳᠠᠰ ᠪᠠᠶᠢᠪᠠᠯ ᠳᠠᠷᠤᠢ | ᠲᠦᠷᠭᠡᠨ ᠰᠢᠯᠵᠢᠭᠦᠯᠬᠦ ᠬᠡᠷᠡᠭᠲᠡᠢ᠃ ᠰᠢᠲᠠᠮᠠᠬᠠᠢ ᠬᠡᠢ ᠶᠢᠨ ᠵᠤᠤᠬ᠎ᠠ ᠶᠢ ᠬᠡᠷᠡᠭᠯᠡᠬᠦ ᠳᠡᠭᠡᠨ᠂ ᠣᠶᠢᠷ᠎ᠠ ᠬᠠᠪᠢ ᠳᠤᠨᠢ | ᠬᠤᠷᠣᠬᠠᠢ ᠠᠯᠠᠬᠤ ᠡᠮ᠂ ᠴᠡᠴᠡᠭ ᠤᠨ ᠨᠡᠷᠡᠮᠡᠯ ᠤᠨ ᠤᠰᠤ ᠵᠡᠷᠭᠡ ᠰᠦᠷᠴᠢᠬᠦ ᠬᠡᠯᠪᠡᠷᠢ ᠶᠢᠨ ᠨᠣᠴᠣᠮᠠᠲᠠᠭᠠᠢ ᠪᠣᠳᠠᠰ ᠢ | ᠬᠡᠷᠡᠭᠯᠡᠵᠦ ᠪᠣᠯᠬᠤ ᠦᠭᠡᠢ᠃ | ᠰᠢᠳᠠᠮᠠᠬᠠᠢ ᠬᠡᠢ ᠶᠢᠨ ᠵᠤᠤᠬ᠎ᠠ ᠶᠢᠨ ᠬᠤᠭᠤᠯᠠᠢ ᠤᠳᠠᠰᠤ ᠶᠢ ᠳᠤᠷ᠎ᠠ ᠪᠠᠷ ᠢᠶᠠᠨ ᠦᠭᠡᠷᠡᠴᠢᠯᠡᠨ ᠤᠭᠰᠠᠷᠠᠵᠤ | ᠪᠤᠯᠬᠤ ᠦᠭᠡᠢ | ᠰᠢᠲᠠᠮᠠᠬᠠᠢ ᠬᠡᠢ ᠶᠢᠨ ᠬᠤᠭᠤᠯᠠᠢ ᠤᠲᠠᠰᠤ᠂ ᠵᠤᠤᠬ᠎ᠠ ᠶᠢᠨ ᠬᠡᠷᠡᠭᠰᠡᠯ ᠵᠡᠷᠭᠡ ᠲᠦᠭᠦᠭᠡᠷᠦᠮᠵᠢ ᠶᠢ | ᠳᠤᠷ᠎ᠠ ᠪᠠᠷ ᠢᠶᠠᠨ ᠥᠭᠡᠷᠡᠴᠢᠯᠡᠬᠦ ᠪᠤᠶᠤ ᠥᠭᠡᠷᠡᠴᠢᠯᠡᠨ ᠤᠭᠰᠠᠷᠠᠵᠤ ᠪᠣᠯᠬᠤ ᠦᠭᠡᠢ᠂ ᠬᠡᠢ ᠶᠢᠨ ᠰᠠᠪᠠ ᠶᠢ | ᠰᠣᠯᠢᠬᠤ ᠳᠠᠭᠠᠨ ᠬᠤᠭᠤᠯᠠᠢ ᠤᠲᠠᠰᠤ ᠲᠠᠢ ᠪᠠᠳᠤ ᠪᠠᠬᠢᠯᠡᠨ ᠵᠠᠯᠭᠠᠬᠤ ᠶᠢᠨ ᠬᠠᠮᠲᠤ ᠬᠡᠢ ᠯᠡᠪᠡᠷᠡᠵᠦ ᠪᠠᠶᠢᠬᠤ ᠡᠰᠡᠬᠦ ᠶᠢ | ᠪᠠᠶᠢᠴᠠᠭᠠᠬᠤ ᠬᠡᠷᠡᠭᠲᠡᠢ᠃ | ᠭᠠᠳᠠᠭᠰᠢ ᠭᠠᠷᠬᠤ ᠠᠴᠠ ᠡᠮᠦᠨ᠎ᠡ ᠨᠡᠭᠡᠯᠡᠭᠡᠢ ᠪᠠᠨ ᠬᠠᠭᠠᠬᠤ ᠬᠡᠷᠡᠭᠲᠡᠢ | ᠭᠠᠳᠠᠭᠰᠢ ᠭᠠᠷᠬᠤ ᠠᠴᠠ ᠪᠠᠨ ᠡᠮᠦᠨ᠎ᠡ᠂ ᠬᠡᠢ ᠶᠢᠨ ᠰᠠᠪᠠᠨ ᠤ ᠨᠡᠭᠡᠯᠡᠭᠡᠢ ᠶᠢ ᠰᠠᠶᠢᠲᠤᠷ ᠪᠠᠶᠢᠴᠠᠭᠠᠨ ᠬᠠᠭᠠᠵᠤ᠂ | ᠬᠤᠭᠤᠯᠠᠢ ᠶᠢ ᠵᠥᠭᠡᠯᠡᠨ ᠬᠤᠭᠤᠯᠠᠢ ᠲᠠᠢ ᠬᠤᠯᠪᠣᠬᠤ ᠨᠡᠭᠡᠯᠡᠭᠡᠢ ᠪᠠ ᠵᠤᠤᠬᠠᠨ ᠤ ᠨᠡᠭᠡᠭᠡᠯᠭᠡ ᠶᠢ ᠰᠠᠶᠢᠲᠤᠷ ᠬᠠᠭᠠᠬᠤ | ᠬᠡᠷᠡᠭᠲᠡᠢ᠃ | ᠤᠷᠢᠳ ᠢᠶᠠᠷ ᠬᠤᠯᠠ ᠵᠠᠶᠢᠯᠠᠵᠤ ᠳᠠᠷᠠᠭ᠎ᠠ ᠨᠢ ᠴᠠᠭᠳᠠᠭ᠎ᠠ ᠳᠤ ᠮᠡᠳᠡᠭᠦᠯᠬᠦ ᠬᠡᠷᠡᠭᠳᠡᠢ | ᠶᠠᠮᠠᠷᠪᠠ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠡᠯ ᠲᠣᠬᠢᠶᠠᠯᠳᠤᠪᠠᠯ᠂ ᠠᠯᠢ ᠲᠦᠷᠭᠡᠨ ᠢᠶᠠᠷ ᠠᠶᠤᠯᠲᠠᠢ | ᠪᠠᠶᠢᠷᠢ ᠠᠴᠠ ᠵᠠᠶᠢᠳᠠᠵᠤ᠂ ᠰᠢᠲᠠᠮᠠᠬᠠᠢ ᠬᠡᠢ ᠶᠢᠨ ᠺᠣᠮᠫᠠᠨᠢ ᠪᠣᠯᠣᠨ ᠠᠳᠠᠯ ᠠᠬᠤᠢ ᠶᠢᠨ ᠭᠠᠵᠠᠷ ᠲᠠᠢ ᠬᠠᠷᠢᠯᠴᠠᠵᠤ᠂ | ᠬᠦᠨᠳᠦ ᠨᠣᠴᠢᠲᠠᠢ ᠪᠤᠯ 119 ᠤᠲᠠᠰᠤ ᠪᠠᠷ ᠴᠠᠭᠳᠠᠭ᠎ᠠ ᠳᠤ ᠮᠡᠳᠡᠭᠦᠯᠵᠦ ᠲᠤᠰᠠᠯᠠᠮᠵᠢ ᠭᠤᠶᠤᠴᠢᠯᠠᠬᠤ ᠬᠡᠷᠡᠭᠲᠡᠢ᠃ | | | |