ᠬᠠᠯᠢᠭᠤᠳᠤ ᠪᠠᠯᠭᠠᠰᠤ ᠣᠯᠠᠨ  ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠣᠷᠣᠨ ᠪᠦᠰᠡ ᠶᠢᠨ ᠳᠣᠲᠣᠷᠠᠬᠢ ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ
ᠨᠡᠶᠢᠲᠡᠯᠡᠭᠰᠡᠨ ᠴᠠᠭ᠄
2024/5/11
    ᠨᠠᠷᠢᠨ ᠨᠢᠮᠪᠠᠶ ᠵᠣᠬᠢᠶᠠᠨ ᠪᠠᠶᠢᠭᠤᠯᠤᠨ ᠳᠠᠶᠢᠴᠢᠯᠠᠵᠤ᠂ ︽ᠪᠣᠬᠢᠷᠲᠤᠯ ᠥᠬᠡᠶ ᠬᠥᠭᠵᠢᠯᠲᠡ︾ ᠶᠢ  ᠲᠦᠯᠦᠪᠵᠢᠬᠦᠯᠪᠡ᠃ ᠬᠤᠲᠠ᠂ ᠬᠤᠰᠢᠭᠤ ᠬᠤᠶᠠᠷ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠨ ᠰᠤᠷᠤᠯᠴᠠᠵᠤ᠂ ︽ᠴᠠᠭ ᠤᠨ ᠬᠦᠰᠦᠨᠦᠭᠲᠦ︾᠂ ︽ᠡᠭᠦᠷᠭᠡ ᠶᠢᠨ ᠪᠢᠴᠢᠭ︾᠂ ︽ᠪᠠᠶᠢᠯᠳᠤᠭᠠᠨ ᠤ ᠵᠢᠷᠤᠭ︾ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠤᠯᠪᠣᠭᠳᠠᠬᠤ ᠭᠠᠴᠠᠭ᠎ᠠ ᠲᠣᠰᠬᠤᠨ ᠲᠠᠢ ᠢᠳᠡᠪᠬᠢᠲᠡᠶ  ᠬᠠᠷᠢᠯᠴᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠤᠶᠢᠯᠠᠭᠠᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠭᠠᠴᠠᠭᠠᠨ ᠤ ᠪᠠᠶᠢᠩᠭᠤ ᠰᠠᠭᠤᠭ᠎ᠠ ᠡᠷᠦᠬᠡ ᠶᠢᠨ ᠲᠥᠯᠥᠭᠡᠯᠡᠭᠴᠢ  ᠶᠢᠨ ᠵᠥᠪᠰᠢᠶᠡᠷᠡᠬᠦ ᠨᠣᠷᠮ᠎ᠠ ᠶᠢ ᠴᠥᠮ 80% ᠠᠴᠠ ᠳᠡᠭᠡᠭᠰᠢ ᠳᠤ ᠬᠦᠷᠦᠭᠦᠯᠪᠡ᠃    ᠪᠠᠶᠢᠭᠠᠯᠢ ᠶᠢᠨ ᠵᠢᠮ᠎ᠡ ᠶᠣᠰᠣ ᠶᠢ ᠵᠢᠷᠤᠮᠯᠠᠵᠤ᠂ ︽ᠪᠣᠬᠢᠷᠲᠤᠯ ᠦᠭᠡᠢ ᠵᠢᠭᠰᠠᠭᠠᠯ ᠤᠨ ᠭᠠᠵᠠᠷ︾ ᠢ ᠪᠠᠶᠢᠭᠤᠯᠪᠠ᠃ ᠣᠷᠣᠰᠢᠨ ᠰᠠᠭᠤᠬᠤ ᠨᠥᠬᠦᠴᠡᠯ᠂ ᠭᠠᠵᠠᠷ ᠤᠨ ᠣᠨᠴᠠᠯᠢᠭ ᠢ ᠦᠨᠳᠦᠰᠦᠯᠡᠨ᠂ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠲᠥᠷᠥᠯ ᠬᠤᠪᠢᠶᠠᠨ ᠵᠠᠰᠠᠵᠤ᠂ ᠢᠨᠵᠧᠨᠧᠷᠢᠩ ᠢ ᠬᠡᠷᠡᠭᠵᠢᠭᠦᠯᠬᠦ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠴᠢᠨᠠᠷ ᠢ ᠲᠡᠭᠡᠭᠰᠢᠯᠡᠬᠦᠯᠪᠡ᠃ ᠬᠥᠮᠦᠨ ᠤ ᠬᠦᠴᠦ ᠪᠠᠷ 2 ᠬᠡᠰᠡᠭ  ᠭᠠᠵᠠᠷ  ᠢ ᠰᠤᠳᠤᠯᠤᠨ ᠲᠣᠭᠲᠠᠭᠠᠵᠤ᠂ 3956 ᠮᠥ ᠤᠯᠢᠶᠠᠰᠤᠨ ᠮᠣᠳᠣ ᠲᠠᠷᠢᠪᠠ ︔ ᠬᠦᠮᠦᠨ ᠤ ᠬᠦᠴᠦ ᠪᠠᠷ 1 ᠭᠡᠰᠡᠭ ᠭᠠᠵᠠᠷ ᠲᠤ ᠪᠡᠯᠴᠢᠭᠡᠷ ᠤᠨ ᠭᠠᠵᠠᠷ  ᠭᠠᠷᠭᠠᠨ ᠂ 1359 ᠮᠥ ᠠᠯᠳᠠᠭᠠᠨ᠎ᠠ ᠳᠠᠷᠢᠪᠠ︔ ᠨᠡᠶᠢᠲᠡ ᠶᠢᠨ ᠠᠰᠠᠷᠠᠮᠵᠢ ᠶᠢᠨ ᠲᠠᠷᠢᠵᠥ ᠤᠷᠭᠤᠭᠤᠯᠬᠤ ᠣᠶ ᠶᠢ  1 ᠭᠡᠰᠡᠭ ᠲᠣᠭᠲᠠᠭᠠᠵᠤ᠂ 21 ᠮᠥ ᠤᠯᠢᠶᠠᠰᠤᠨ ᠮᠣᠳᠣ ᠳᠠᠷᠢᠪᠠ ᠃ ᠣᠳᠣᠬᠠᠨ ᠳᠤ ᠪᠠᠷᠢᠯᠭ᠎ᠠ ᠶᠢᠨ ᠠᠵᠢᠯ ᠢ ᠨᠢᠭᠡᠨᠲᠡ  ᠳᠠᠭᠤᠰᠬᠠᠪᠠ᠃      ᠠᠮᠢ ᠠᠬᠤᠢ ᠪᠠᠷ ᠠᠷᠠᠳ ᠢ ᠪᠠᠶᠠᠵᠢᠭᠤᠯᠬᠤ ᠶᠢ ᠪᠠᠷᠢᠮᠲᠠᠯᠠᠵᠤ᠂ ︽ᠪᠣᠬᠢᠷᠲᠤᠯ ᠥᠬᠡᠶ ᠭᠡᠷ ᠪᠦᠯᠢ︾ ᠶᠢ  ᠨᠡᠮᠡᠭᠳᠡᠬᠦᠯᠪᠡ   ᠮᠠᠯᠴᠢᠨ ᠲᠠᠷᠢᠶᠠᠴᠢᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠵᠣᠷᠢᠭᠵᠢᠭᠤᠯᠵᠤ᠂ ᠬᠠᠷᠢᠶ᠎ᠠ   ᠣᠷᠣᠨ     ᠳᠤ     50 ᠭᠠᠷᠤᠶ ᠠᠵᠢᠯ ᠤᠨ ᠪᠠᠶᠢᠷᠢ ᠰᠢᠨ᠎ᠡ ᠪᠠᠷ ᠨᠡᠮᠡᠭᠳᠡᠵᠦ᠂ ᠣᠯᠠᠨ ᠲᠦᠮᠡᠨ ᠢ ᠳᠠᠶᠢᠴᠢᠯᠠᠨ 20000 ᠭᠠᠷᠤᠶ ᠲᠥᠭᠦᠷᠢᠭ ᠤᠨ ᠣᠷᠣᠯᠭ᠎ᠠ ᠨᠡᠮᠡᠭᠳᠡᠭᠦᠯᠪᠡ᠃
海鲁吐镇沙地歼灭战.jpg   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号