ᠱᠧᠩ ᠯᠢ ᠲᠠᠷᠢᠶᠠᠯᠠᠩ ᠤᠨ ᠲᠠᠯᠠᠪᠠᠢ ᠶᠢᠨ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠵᠢᠴᠢ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠲᠠᠷᠢᠬᠤ ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/11
     5 ᠰᠠᠷ᠎ᠠ ᠶᠢᠨ 9 ᠤ ᠡᠳᠦᠷ᠂ ᠱᠧᠩ ᠯᠢ ᠲᠠᠷᠢᠶᠠᠯᠠᠩ ᠤᠨ ᠲᠠᠯᠠᠪᠠᠶ ᠶᠢᠨ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠵᠢᠴᠢ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠳᠠᠷᠢᠬᠤ ᠦᠵᠡᠭᠦᠯᠦᠯᠭᠡ ᠶᠢᠨ ᠲᠤᠬᠠᠢ ᠶᠢᠨ ᠲᠠᠯᠠᠪᠠᠶ ᠶᠢᠨ ᠬᠤᠷᠠᠯ ᠶᠠᠪᠤᠭᠳᠠᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠲᠤᠬᠠᠢ ᠶᠢᠨ ᠲᠠᠯᠠᠪᠠᠶ ᠳᠤ ᠬᠦᠷᠴᠦ ᠵᠢᠭᠠᠨ ᠵᠢᠯᠤᠭᠤᠳᠬᠤ ᠶᠢᠨ ᠬᠠᠮᠲᠤ ᠶᠠᠷᠢᠶ᠎ᠠ ᠲᠠᠯᠪᠢᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠣᠷᠣᠯᠴᠠᠵᠠᠢ᠃
    胜利农场玉米大豆单产提升工程暨01.jpg
       ᠱᠧᠩ ᠯᠢ ᠲᠠᠷᠢᠶᠠᠯᠠᠩ ᠤᠨ ᠲᠠᠯᠠᠪᠠᠶ ᠶᠢᠨ ᠭᠤᠷᠪᠠᠳᠤᠭᠠᠷ ᠬᠤᠪᠢᠶᠠᠷᠢ ᠲᠠᠯᠠᠪᠠᠶ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠥᠷᠥᠯ ᠵᠦᠢᠯ ᠤᠨ ᠲᠣᠭᠤᠷᠢᠭ ᠲᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠴᠢᠬᠤᠯᠠᠴᠢᠯᠠᠬᠤ ᠳᠠᠭᠠᠨ᠂ ᠮᠡᠷᠭᠡᠵᠢᠯ ᠤᠨ ᠦᠢᠯᠡᠴᠢᠯᠡᠭᠡ ᠶᠢ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠵᠦ᠂ ᠪᠥᠬᠦ ᠲᠠᠯ᠎ᠠ ᠶᠢᠨ᠂ ᠪᠥᠬᠦ ᠶᠠᠪᠤᠴᠠ ᠶᠢᠨ ᠮᠡᠷᠭᠡᠵᠢᠯ ᠤᠨ ᠵᠢᠯᠣᠭᠤᠳᠤᠯᠭ᠎ᠠ ᠬᠢᠬᠦ ᠬᠡᠷᠡᠭᠲᠡᠢ᠃ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠪᠣᠯᠪᠠᠰᠤᠷᠠᠭᠤᠯᠤᠯ ᠢ ᠰᠠᠶᠢᠲᠤᠷ ᠠᠳᠬᠤᠵᠤ᠂ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠭᠠᠮᠰᠢᠭ ᠤᠨ ᠬᠤᠬᠢᠷᠠᠯ ᠢ ᠪᠠᠭᠠᠰᠬᠠᠨ᠂ ᠵᠠᠩᠭᠢᠯᠠᠭ᠎ᠠ ᠶᠢᠨ ᠮᠡᠷᠭᠡᠵᠢᠯ ᠢ ᠲᠣᠰᠬᠤᠨ ᠡᠷᠦᠬᠡ ᠳᠤ ᠬᠦᠷᠭᠡᠵᠦ ᠲᠠᠷᠢᠶᠠᠨ ᠭᠠᠵᠠᠷ ᠲᠤ ᠬᠦᠷᠭᠡᠬᠦ ᠶᠢ ᠦᠨᠡᠨᠬᠦ ᠪᠠᠲᠤᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠳᠡᠢ᠃ ︽ᠠᠮᠤ ᠪᠤᠳᠠᠭ᠎ᠠ ᠶᠢ ᠬᠠᠳᠠᠭᠠᠯᠠᠬᠤ ᠳᠤ ᠭᠠᠵᠠᠷ ᠰᠢᠷᠣᠢ ᠳᠤ ᠦᠢᠯᠡᠴᠢᠯᠡᠬᠦ᠂ ᠠᠮᠤ ᠪᠤᠳᠠᠭ᠎ᠠ ᠶᠢ ᠬᠠᠳᠠᠭᠠᠯᠠᠬᠤ ᠳᠤ ᠮᠡᠷᠭᠡᠵᠢᠯ ᠳᠤ ᠦᠢᠯᠡᠴᠢᠯᠡᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠵᠤ᠂ ᠰᠠᠶᠢᠨ ᠡᠭᠦᠯᠳᠡᠷ᠂ ᠰᠠᠶᠢᠨ ᠲᠠᠷᠢᠶ᠎ᠠ᠂ ᠰᠠᠶᠢᠨ ᠬᠠᠤᠯᠢ᠂ ᠰᠠᠶᠢᠨ ᠲᠣᠬᠢᠶᠠᠯ᠂ ᠰᠠᠶᠢᠨ ᠳᠦᠷᠢᠮ ︽ᠲᠠᠪᠤᠨ ᠰᠠᠶᠢᠨ ᠢ ᠠᠭᠤᠰᠤᠯᠴᠠᠭᠤᠯᠬᠤ︾ ᠶᠢ ᠠᠬᠢᠭᠤᠯᠵᠤ᠂ ᠪᠦᠬᠦ ᠬᠦᠴᠦᠨ ᠢᠶᠠᠷ ᠢᠶᠠᠨ ᠲᠠᠩᠰᠠ ᠶᠢᠨ ᠭᠠᠷᠤᠯᠲᠠ ᠶᠢ ᠭᠠᠷᠭᠠᠨ ᠠᠪᠴᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠡᠢ᠃
  胜利农场玉米大豆单产提升工程暨02.jpg  
    ᠲᠦᠷᠦᠯ ᠵᠦᠢᠯ ᠤᠨ ᠲᠣᠭᠤᠷᠢᠭ ᠤᠨ ᠲᠤᠬᠠᠢ ᠶᠢᠨ ᠲᠠᠯᠠᠪᠠᠢ ᠳᠤ᠂ ᠬᠤᠷᠠᠯ ᠳᠤ ᠣᠷᠣᠯᠴᠠᠭᠰᠠᠳ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠪᠠᠷᠢᠯᠭ᠎ᠠ᠂ ᠭᠠᠵᠠᠷ ᠲᠡᠭᠰᠢᠯᠡᠨ ᠲᠠᠷᠢᠬᠤ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠪᠠ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠠᠷᠢᠶᠠᠯᠠᠩ ᠤᠨ ᠮᠠᠰᠢᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠵᠡᠷᠭᠡ ᠮᠠᠰᠢᠨ ᠲᠥᠬᠦᠭᠡᠷᠦᠮᠵᠢ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠬᠤᠯᠪᠣᠭᠳᠠᠯ ᠪᠦᠬᠦᠢ ᠲᠠᠷᠢᠮᠠᠯ ᠤᠨ ᠮᠡᠷᠭᠡᠵᠢᠯ ᠤᠨ ᠭᠤᠣᠯᠳᠠᠯᠭ᠎ᠠ ᠶᠢ ᠪᠦᠬᠦ ᠲᠠᠯ᠎ᠠ ᠪᠠᠷ᠂ ᠨᠠᠷᠢᠨ ᠨᠢᠭᠲᠠ ᠲᠠᠨᠢᠯᠴᠠᠭᠤᠯᠵᠤ᠂ ᠠᠵᠤ ᠠᠬᠤᠶᠢᠯᠠᠯ ᠤᠨ ᠲᠥᠯᠥᠭᠡᠯᠡᠭᠴᠢᠳ ᠲᠤ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠶᠢᠨ ᠠᠵᠤ ᠦᠢᠯᠡᠰ ᠤᠨ ᠵᠠᠬ᠎ᠠ ᠳᠡᠯᠭᠡᠭᠦᠷ ᠤᠨ ᠢᠷᠡᠭᠡᠳᠦᠢ ᠶᠢ ᠲᠠᠶᠢᠯᠪᠤᠷᠢᠯᠠᠪᠠ᠃     ᠣᠶᠢᠷ᠎ᠠ ᠶᠢᠨ ᠵᠢᠯ ᠳᠤ᠂ ᠱᠧᠩ ᠯᠢ ᠲᠠᠷᠢᠶᠠᠯᠠᠩ ᠤᠨ ᠲᠠᠯᠠᠪᠠᠶ ᠶᠢᠨ ᠬᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠢ ᠲᠡᠷᠢᠭᠦᠨ ᠤ ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠢ ᠪᠠᠷ ᠥᠨᠳᠥᠷ ᠤᠨᠠᠯᠲᠠ ᠲᠠᠢ ᠳᠠᠷᠢᠬᠤ᠂ ᠰᠢᠷ᠎ᠠ ᠪᠤᠷᠴᠠᠭ ᠤᠨ ᠡᠷᠳᠡᠨᠢ ᠰᠢᠰᠢ ᠶᠢ ᠪᠦᠰᠡᠯᠢᠭ ᠨᠡᠶᠢᠯᠡᠮᠡᠯ ᠳᠠᠷᠢᠬᠤ ᠮᠡᠷᠭᠡᠵᠢᠯ ᠢ ᠲᠣᠬᠢᠷᠠᠭᠤᠯᠤᠨ ᠡᠵᠡᠮᠳᠡᠬᠦ ᠶᠢ ᠢᠳᠡᠪᠬᠢᠲᠡᠢ ᠳᠡᠯᠭᠡᠷᠡᠭᠦᠯᠵᠦ᠂ ᠲᠠᠷᠢᠶᠠᠯᠠᠩ ᠤᠨ ᠲᠤᠰᠬᠠᠢ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ 2 ᠪᠠᠶᠢᠭᠤᠯᠵᠤ᠂ ︽ᠬᠤᠪᠢᠶᠠᠷᠢ ᠲᠠᠯᠠᠪᠠᠶ + ᠠᠵᠤ ᠠᠬᠤᠶᠢᠯᠠᠯ + ᠠᠵᠢᠯᠲᠠᠨ ᠠᠵᠢᠯᠴᠢᠨ︾ ᠤ ᠬᠠᠮᠲᠤᠷᠠᠯᠴᠠᠭᠠᠨ ᠤ ᠵᠠᠭᠪᠤᠷ ᠢ ᠬᠡᠷᠡᠭᠯᠡᠨ᠂ 12000 ᠮᠦ ᠭᠦᠨ ᠰᠤᠯᠠᠷᠠᠭᠤᠯᠬᠤ ᠲᠠᠷᠢᠶᠠᠨ ᠭᠠᠵᠠᠷ ᠢ ᠬᠡᠷᠡᠭᠵᠢᠭᠦᠯᠵᠦ ᠂ ᠳᠠᠷᠢᠵᠤ ᠬᠤᠷᠢᠶᠠᠬᠤ ᠶᠢ ᠰᠡᠷᠭᠡᠶᠢᠯᠡᠬᠦ ᠡᠯ᠎ᠡ ᠵᠠᠩᠭᠢᠯᠠᠭ᠎ᠠ ᠠᠴᠠ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ᠂ 2024 ᠣᠨ ᠳᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ 5 ᠲᠦᠮᠡᠨ ᠮᠦ ᠬᠦᠷᠭᠡᠪᠡ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠱᠤᠩᠬᠤᠷ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠲᠠᠢ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠬᠡᠯᠡᠯᠴᠡᠭᠡᠷ ᠲᠣᠭᠲᠠᠵᠤ᠂ 1 ᠲᠦᠮᠡᠨ ᠮᠦ ᠲᠠᠷᠢᠶᠠᠨ ᠭᠠᠵᠠᠷ ᠤᠨ ᠡᠵᠡᠩᠨᠡᠯᠲᠡ ᠶᠢᠨ ᠡᠷᠬᠡ ᠶᠢ ᠡᠷᠭᠢᠯᠲᠡ ᠳᠤ ᠣᠷᠣᠭᠤᠯᠵᠤ᠂ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ 5000 ᠮᠦ ᠰᠢᠨ᠎ᠡ ᠰᠣᠷᠭᠤᠭ ᠡᠷᠳᠡᠨᠢ ᠰᠢᠰᠢ ᠳᠠᠷᠢᠵᠤ᠂ 5000 ᠮᠦ ᠰᠢᠷ᠎ᠠ ᠪᠤᠷᠴᠠᠭ ᠤᠨ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ ᠳᠠᠷᠢᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ᠂ ᠬᠡᠪᠴᠢᠶᠡᠵᠢᠭᠦᠯᠦᠨ ᠡᠵᠡᠩᠨᠡᠬᠦ᠂ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠠᠯᠬᠤᠮ ᠢ ᠠᠯᠬᠤᠭᠰᠠᠨ ᠪᠠᠶᠢᠨ᠎ᠠ᠃
  胜利农场玉米大豆单产提升工程暨03.jpg
     ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠯᠠᠨ ᠲᠢᠶᠠᠨ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠲᠠᠷᠢᠶᠠᠴᠢᠨ ᠤ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠲᠠᠨ ᠶᠠᠩ ᠯᠢᠶᠠᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠵᠢᠯ ᠬᠤᠷᠰᠢᠶ᠎ᠠ ᠶᠢᠨ ᠬᠢᠨ 11700 ᠮᠦ ᠭᠠᠵᠠᠷ ᠰᠢᠷᠣᠢ ᠶᠢ ᠡᠷᠭᠢᠯᠳᠦᠭᠦᠯᠦᠨ᠂ ᠳᠠᠷᠢᠬᠤ ᠵᠠᠭᠪᠤᠷ ᠢ ᠶᠡᠭᠡ ᠲᠠᠯᠠᠩ ᠳᠤ ᠬᠤᠶᠠᠷ ᠮᠦᠷ ᠲᠠᠷᠢᠬᠤ᠂ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠠᠷᠭ᠎ᠠ ᠶᠢ ᠬᠡᠷᠡᠭᠯᠡᠨ᠂ ᠨᠢᠭᠲᠠᠴᠠ ᠶᠢ ᠵᠣᠬᠢᠰᠲᠠᠢ ᠨᠡᠮᠡᠭᠳᠡᠭᠦᠯᠵᠦ᠂ ᠲᠣᠮᠣ ᠳᠤᠮᠳᠠ ᠬᠡᠯᠪᠡᠷᠢ ᠶᠢᠨ ᠮᠠᠰᠢᠨ ᠢᠶᠠᠷ ᠲᠥᠪᠯᠡᠷᠡᠭᠦᠯᠦᠨ ᠵᠠᠯᠭᠠᠯᠳᠤᠭᠤᠯᠤᠨ ᠳᠠᠷᠢᠵᠤ᠂ ᠪᠡᠯᠡ ᠣᠷᠣᠭᠤᠯᠤᠯᠲᠠ ᠶᠢᠨ ᠥᠪᠡᠷ ᠤᠨ ᠥᠷᠲᠡᠭ ᠢ ᠶᠡᠭᠡ ᠪᠠᠷ ᠪᠠᠭᠠᠰᠬᠠᠵᠤ᠂ ᠮᠦ ᠪᠦᠷᠢ ᠶᠢᠨ ᠤᠨᠠᠯᠲᠠ ᠶᠢ 300 ︱ 500 ᠵᠢᠩ ᠣᠷᠴᠢᠮ ᠨᠡᠮᠡᠭᠳᠡᠭᠦᠯᠬᠦ ᠪᠠᠷ ᠵᠢᠱᠢᠵᠦ ᠪᠣᠶ ᠭᠡᠵᠡᠢ᠃
 胜利农场玉米大豆单产提升工程暨04.jpg
     ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠪᠣᠯᠣᠨ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠤᠨ ᠬᠡᠷᠡᠭᠵᠢᠭᠦᠯᠦᠯᠲᠡ ᠨᠢ ᠬᠤᠪᠢᠶᠠᠷᠢ ᠲᠠᠯᠠᠪᠠᠢ ᠶᠢᠨ ᠠᠵᠢᠯᠲᠠᠳ ᠲᠤ ᠢᠯᠡ ᠲᠣᠳᠣ ᠠᠰᠢᠭ ᠬᠦᠷᠲᠡᠭᠡᠵᠡᠢ᠃ ᠱᠧᠩ ᠯᠢ ᠲᠠᠷᠢᠶᠠᠯᠠᠩ ᠤᠨ ᠲᠠᠯᠠᠪᠠᠢ ᠶᠢᠨ ᠬᠤᠶᠠᠳᠤᠭᠠᠷ ᠬᠤᠪᠢᠶᠠᠷᠢ ᠲᠠᠯᠠᠪᠠᠢ ᠶᠢᠨ ᠠᠵᠢᠯᠲᠠᠨ ᠵᠤᠤ ᠵᠢᠶᠠᠨ ᠬᠡᠯᠡᠭᠰᠡᠨ ᠨᠢ᠄ ︽ᠤᠯᠠᠨ ᠲᠦᠮᠡᠨ ᠳᠤ ᠮᠦ ᠪᠦᠷᠢ ᠳᠤ ᠤᠯᠤᠰ ᠠᠴᠠ 300 ᠲᠥᠭᠦᠷᠢᠭ ᠤᠨ ᠲᠥᠷᠥ ᠶᠢᠨ ᠪᠣᠳᠣᠯᠭ᠎ᠠ  ᠶᠢᠨ ᠨᠥᠬᠦᠪᠦᠷᠢ ᠣᠯᠭᠤᠵᠤ ᠪᠠᠶᠢᠨ᠎ᠠ᠂ ᠡᠭᠦᠨ ᠳᠤ 25 ᠲᠥᠭᠦᠷᠢᠭ ᠡᠷᠭᠢᠯᠳᠦᠭᠦᠯᠦᠨ ᠬᠠᠭᠠᠯᠪᠤᠷᠢᠯᠠᠬᠤ ᠵᠠᠷᠤᠳᠠᠯ᠂ 30 ᠲᠥᠭᠦᠷᠢᠭ ᠳᠠᠷᠢᠬᠤ ᠵᠠᠷᠤᠳᠠᠯ ᠪᠠ 20 ᠲᠥᠭᠦᠷᠢᠭ ᠤᠨ ᠨᠢᠰᠬᠡᠯ ᠢᠶᠠᠷ ᠰᠡᠷᠭᠡᠶᠢᠯᠡᠬᠦ ᠵᠠᠷᠤᠳᠠᠯ ᠪᠠᠶᠢᠨ᠎ᠠ᠂ ᠪᠠᠰᠠ ᠮᠦ ᠪᠦᠷᠢ ᠶᠢᠨ ᠲᠣᠰᠣᠯᠠᠭᠠᠨ ᠤᠰᠤᠯᠠᠬᠤ ᠪᠦᠰᠡ ᠪᠠ ᠮᠠᠰᠢᠨ ᠴᠠᠬᠢᠯᠭᠠᠨ ᠬᠤᠳᠳᠤᠭ ᠢ ᠰᠡᠯᠪᠢᠨ ᠵᠠᠰᠠᠬᠤ ᠬᠠᠮᠢᠶᠠᠷᠤᠯᠲᠠ ᠶᠢᠨ ᠲᠥᠬᠦᠭᠡᠷᠦᠮᠵᠢ ᠶᠢ ᠰᠣᠯᠢᠵᠤ ᠪᠠᠶᠢᠨ᠎ᠠ᠂ ᠲᠥᠷᠥ  ᠶᠢᠨ ᠪᠣᠳᠣᠯᠭ᠎ᠠ ᠶᠢᠨ ᠨᠥᠬᠦᠪᠦᠷᠢ ᠥᠭᠭᠦᠭᠰᠡᠨ ᠤ ᠳᠠᠷᠠᠭ᠎ᠠ ᠲᠠᠷᠢᠶ᠎ᠠ ᠳᠠᠷᠢᠬᠤ ᠳᠤ   ᠥᠪᠡᠷ ᠤᠨ ᠥᠷᠲᠡᠭ ᠢ ᠠᠷᠪᠢᠯᠠᠵᠤ᠂ ᠤᠨᠠᠯᠳᠠ ᠨᠢ ᠴᠦ ᠲᠡᠭᠡᠭᠰᠢᠯᠡᠬᠦᠯᠬᠦ ᠪᠤᠯᠤᠨ᠎ᠠ︾ ᠭᠡᠵᠡᠢ᠃
  胜利农场玉米大豆单产提升工程暨05.jpg
    ︽ᠮᠠᠨ ᠤ ᠭᠡᠷ ᠤᠨ 70 ᠮᠦ ᠭᠠᠵᠠᠷ ᠰᠢᠷᠣᠢ ᠶᠢ ᠪᠦᠬᠦᠨ ᠢ ᠬᠤᠷᠰᠢᠶ᠎ᠠ ᠳᠤ ᠰᠢᠯᠵᠢᠭᠦᠯᠦᠨ ᠥᠭᠴᠦ᠂ ᠮᠦ ᠪᠦᠷᠢ ᠳᠤ 900 ᠲᠥᠭᠦᠷᠢᠭ ᠤᠨ ᠵᠣᠭᠤᠰ ᠦᠭᠬᠦ ᠪᠤᠯᠤᠨ᠎ᠠ᠂ ᠦᠯᠡᠭᠦᠦ ᠴᠠᠭ ᠢᠶᠠᠷ ᠢᠶᠠᠨ ᠭᠠᠳᠠᠭᠰᠢ ᠭᠠᠷᠴᠤ ᠠᠷᠰᠠᠷ ᠠᠵᠢᠯ ᠬᠢᠪᠡᠯ ᠪᠠᠰᠠ ᠭᠡᠷ ᠤᠨ ᠵᠠᠷᠤᠳᠠᠯ ᠢ ᠨᠥᠬᠦᠪᠦᠷᠢᠯᠡᠵᠦ ᠪᠣᠯᠣᠨ᠎ᠠ︾ ᠭᠡᠵᠦ ᠲᠠᠪᠤᠳᠤᠭᠠᠷ ᠬᠤᠪᠢᠶᠠᠷᠢ ᠲᠠᠯᠠᠪᠠᠢ ᠶᠢᠨ ᠠᠵᠢᠯᠲᠠᠨ ᠵᠠᠩ ᠰᠢᠶᠣᠣ ᠹᠧᠢ ᠬᠡᠯᠡᠪᠡ᠃     ᠱᠧᠩ ᠯᠢ ᠲᠠᠷᠢᠶᠠᠯᠠᠩ ᠤᠨ ᠲᠠᠯᠠᠪᠠᠢ ᠶᠢᠨ ᠨᠠᠮ ᠤᠨ ᠬᠤᠷᠢᠶ᠎ᠠ ᠶᠢᠨ ᠱᠦᠵᠢ ᠬᠢᠴᠢᠶᠡᠯᠳᠦ ᠬᠡᠯᠡᠭᠰᠡᠨ ᠨᠢ᠂ ︽ᠳᠠᠷᠠᠭᠠᠴᠢ ᠶᠢᠨ ᠠᠯᠬᠤᠮ ᠳᠤ᠂ ᠲᠠᠷᠢᠶᠠᠯᠠᠩ ᠤᠨ ᠲᠠᠯᠠᠪᠠᠢ ᠶᠢᠨ ᠬᠢᠨ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ ᠯᠠᠪᠳᠠᠭᠤᠨ ᠪᠠᠲᠤᠲᠠᠢ ᠬᠡᠷᠡᠭᠵᠢᠭᠦᠯᠬᠦ ᠶᠢᠨ ᠬᠠᠮᠲᠤ ᠨᠡᠶᠢᠭᠡᠮᠴᠢᠯᠡᠭᠰᠡᠨ ᠦᠢᠯᠡᠴᠢᠯᠡᠭᠡᠨ ᠤ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠠᠵᠤ ᠦᠢᠯᠡᠰ ᠢᠶᠠᠨ ᠬᠥᠭᠵᠢᠭᠦᠯᠵᠦ ᠠᠷᠠᠳ ᠢᠶᠠᠨ ᠪᠠᠶᠠᠵᠢᠭᠤᠯᠵᠤ ᠲᠠᠯᠠᠪᠠᠢ ᠪᠠᠨ ᠬᠦᠴᠦᠷᠬᠡᠭᠵᠢᠭᠦᠯᠬᠦ ᠰᠠᠭᠤᠷᠢ ᠶᠢ ᠪᠦᠬᠦ ᠲᠠᠯ᠎ᠠ ᠪᠠᠷ ᠪᠠᠲᠤᠳᠬᠠᠵᠤ᠂ ᠡᠨᠡ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ᠂ ᠲᠠᠷᠢᠶᠠᠯᠠᠩ ᠤᠨ ᠡᠯᠪᠡᠭ ᠬᠤᠷᠢᠶᠠᠯᠲᠠ ᠶᠢ ᠲᠡᠮᠡᠴᠡᠨ ᠣᠯᠬᠤ ᠳᠤ ᠰᠠᠶᠢᠨ ᠰᠠᠭᠤᠷᠢ ᠲᠠᠯᠪᠢᠵᠤ ᠥᠭᠭᠦᠨ᠎ᠡ︾ ᠭᠡᠵᠡᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号