| ① ᠲᠣᠭᠤᠭᠠᠨ ᠭᠡᠷ ᠢᠶᠠᠨ ᠴᠡᠪᠡᠷᠯᠡᠬᠦ᠄ ᠲᠣᠭᠤᠭᠠᠨ ᠭᠡᠷ ᠪᠣᠯ ᠭᠡᠷ ᠪᠦᠯᠢ ᠶᠢᠨ ᠭᠠᠯ ᠢ ᠬᠠᠮᠤᠭ ᠠᠴᠠ ᠢᠯᠡᠭᠦᠦ | ᠬᠡᠷᠡᠭᠯᠡᠳᠡᠭ ᠭᠠᠵᠠᠷ ᠪᠣᠯᠣᠨ᠎ᠠ᠂ ᠲᠣᠰᠣ᠂ ᠴᠠᠭᠠᠰᠤ᠂ ᠪᠥᠰ ᠵᠡᠷᠭᠡ ᠰᠢᠲᠠᠮᠠᠬᠠᠢ ᠪᠣᠳᠠᠰ ᠢ ᠵᠤᠤᠬ᠎ᠠ ᠵᠡᠷᠭᠡ ᠭᠠᠯ ᠤᠨ | ᠰᠤᠷᠪᠤᠯᠵᠢ ᠠᠴᠠ ᠬᠤᠯᠠ ᠪᠠᠶᠢᠯᠭᠠᠭᠠᠷᠠᠢ᠃ | ② ᠨᠠᠷᠠᠪᠴᠢ ᠪᠠᠨ ᠴᠡᠪᠡᠷᠯᠡᠬᠦ᠄ ᠨᠠᠷᠠᠪᠴᠢ ᠳᠡᠭᠡᠷᠡᠬᠢ ᠶᠠᠭᠤᠮ᠎ᠠ ᠬᠡᠦᠮ᠎ᠡ᠂ ᠣᠨᠴᠠᠭᠠᠶᠢᠯᠠᠨ ᠴᠠᠭᠠᠰᠤᠨ | ᠬᠠᠶᠢᠷᠴᠠᠭ᠂ ᠬᠠᠳᠠᠭᠤ ᠴᠠᠭᠠᠰᠤ᠂ ᠰᠦᠯᠢᠶᠥᠦ ᠵᠡᠷᠭᠡ ᠠᠮᠠᠷᠬᠠᠨ ᠰᠢᠲᠠᠬᠤ ᠪᠣᠳᠠᠰ ᠢ ᠴᠠᠭ ᠲᠤᠬᠠᠢ ᠳᠤᠨᠢ ᠴᠡᠪᠡᠷᠯᠡᠨ᠎ᠡ | ᠃ | ③ ᠠᠰᠠᠷ ᠤᠨ ᠬᠤᠩᠭᠢᠯ ᠢ ᠴᠡᠪᠡᠷᠯᠡᠬᠦ᠄ ᠶᠠᠪᠠᠭᠠᠨ ᠵᠠᠮ᠂ ᠠᠰᠠᠷ ᠤᠨ ᠱᠠᠲᠤᠨ ᠤ ᠥᠨᠴᠥᠭ ᠪᠤᠯᠤᠩ᠂ ᠭᠠᠵᠠᠷ | ᠳᠣᠣᠷᠠᠬᠢ ᠥᠷᠥᠭᠡᠨ ᠳᠤ ᠶᠠᠭᠤᠮ᠎ᠠ ᠬᠡᠦᠮ᠎ᠡ ᠪᠠᠨ ᠣᠪᠣᠭᠠᠯᠠᠵᠤ ᠪᠣᠯᠬᠤ ᠦᠭᠡᠢ᠃ ᠠᠰᠠᠷ ᠤᠨ ᠱᠠᠲᠤᠨ ᠤ | ᠬᠤᠭᠤᠷᠣᠨᠳᠤ᠂ ᠲᠠᠷᠬᠠᠭᠠᠬᠤ ᠵᠠᠮ᠂ ᠠᠶᠤᠯ ᠦᠭᠡᠢ ᠭᠠᠷᠬᠤ ᠡᠭᠦᠳᠡᠨ ᠳᠤ ᠴᠠᠬᠢᠯᠭᠠᠨ ᠬᠥᠳᠡᠯᠭᠡᠭᠦᠷᠲᠦ ᠲᠡᠷᠭᠡ ᠳᠤ | ᠴᠠᠬᠢᠯᠭᠠᠨ ᠴᠡᠨᠡᠭᠯᠡᠵᠦ ᠪᠣᠯᠬᠤ ᠦᠭᠡᠢ᠃ | ④ ᠭᠠᠯ ᠤᠨ ᠰᠤᠷᠪᠤᠯᠵᠢ ᠶᠢ ᠬᠠᠭᠠᠬᠤ᠄ ᠰᠢᠳᠠᠮᠠᠬᠠᠢ ᠬᠡᠢ ᠶᠢᠨ ᠵᠤᠤᠬ᠎ᠠ᠂ ᠰᠫᠢᠷᠲ ᠤᠨ ᠵᠤᠤᠬ᠎ᠠ ᠵᠡᠷᠭᠡ | ᠭᠠᠯ ᠤᠨ ᠰᠤᠷᠪᠤᠯᠵᠢ ᠶᠢ ᠬᠡᠷᠡᠭᠯᠡᠵᠦ ᠪᠠᠷᠠᠭᠰᠠᠨ ᠤ ᠳᠠᠷᠠᠭ᠎ᠠ ᠴᠠᠭ ᠲᠤᠬᠠᠢ ᠳᠤᠨᠢ ᠤᠨᠲᠠᠷᠠᠭᠠᠵᠤ᠂ ᠭᠠᠯ ᠤᠨ ᠠᠶᠤᠯ | ᠭᠠᠷᠬᠤ ᠠᠴᠠ ᠰᠡᠷᠭᠡᠶᠢᠯᠡᠨ᠎ᠡ᠃ | ⑤ ᠬᠡᠢ ᠶᠢᠨ ᠰᠤᠷᠪᠤᠯᠵᠢ ᠶᠢ ᠬᠠᠭᠠᠬᠤ᠄ ᠬᠡᠢ ᠶᠢ ᠬᠡᠷᠡᠭᠯᠡᠭᠰᠡᠨ ᠤ ᠳᠠᠷᠠᠭ᠎ᠠ ᠬᠡᠢ ᠶᠢᠨ ᠰᠤᠷᠪᠤᠯᠵᠢ ᠶᠢ ᠴᠠᠭ | ᠲᠤᠬᠠᠢ ᠳᠤᠨᠢ ᠬᠠᠭᠠᠵᠤ᠂ ᠰᠢᠲᠠᠮᠠᠬᠠᠢ ᠬᠡᠢ ᠶᠢᠨ ᠵᠥᠭᠡᠯᠡᠨ ᠬᠤᠭᠤᠯᠠᠢ ᠬᠠᠭᠤᠴᠢᠷᠠᠬᠤ᠂ ᠦᠵᠢᠷᠡᠬᠦ᠂ ᠬᠡᠢ ᠯᠡᠪᠡᠷᠡᠬᠦ | ᠵᠡᠷᠭᠡ ᠭᠡᠷ ᠪᠦᠯᠢ ᠶᠢᠨ ᠭᠠᠯ ᠤᠨ ᠠᠶᠤᠯ ᠭᠠᠷᠬᠤ ᠳᠠᠯᠳᠠ ᠭᠡᠮ ᠣᠷᠣᠰᠢᠵᠤ ᠪᠠᠶᠢᠬᠤ ᠡᠰᠡᠬᠦ ᠶᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠨ᠎ᠠ᠃ | ⑥ ᠴᠠᠬᠢᠯᠭᠠᠨ ᠡᠭᠦᠰᠬᠡᠭᠴᠢ ᠶᠢ ᠬᠠᠭᠠᠬᠤ᠄ ᠰᠠᠭᠤᠭᠠᠯᠢ ᠠᠷᠠᠳ ᠵᠠᠪᠠᠯ ᠭᠡᠷ ᠤᠨ ᠴᠠᠬᠢᠯᠭᠠᠨ ᠬᠡᠷᠡᠭᠰᠡᠯ ᠤᠨ | ᠬᠡᠷᠡᠭᠯᠡᠬᠦ ᠴᠠᠭ ᠪᠠ ᠬᠡᠷᠡᠭᠯᠡᠬᠦ ᠠᠷᠭ᠎ᠠ ᠶᠢ ᠠᠩᠬᠠᠷᠴᠤ᠂ ᠬᠡᠷᠡᠭᠯᠡᠬᠦ ᠦᠭᠡᠢ ᠦᠶ᠎ᠡ ᠳᠤ ᠴᠠᠬᠢᠯᠭᠠᠨ ᠡᠭᠦᠰᠬᠡᠭᠴᠢ ᠶᠢ | ᠳᠠᠷᠤᠢ ᠳᠤᠨᠢ ᠬᠠᠭᠠᠬᠤ ᠬᠡᠷᠡᠭᠲᠡᠢ᠃ | ⑦ ᠴᠣᠩᠬᠤ ᠪᠠᠨ ᠬᠠᠭᠠᠬᠤ᠄ ᠭᠡᠷ ᠠᠴᠠ ᠪᠠᠨ ᠭᠠᠷᠬᠤ ᠦᠶ᠎ᠡ ᠳᠤ ᠴᠣᠩᠬᠤ ᠪᠠᠨ ᠬᠠᠭᠠᠵᠤ᠂ ᠭᠠᠯ ᠤᠨ ᠰᠤᠷ | ᠭᠡᠷ ᠲᠤ ᠦᠰᠦᠷᠦᠨ ᠣᠷᠣᠵᠤ ᠭᠠᠯ ᠤᠨ ᠠᠶᠤᠯ ᠭᠠᠷᠬᠤ ᠠᠴᠠ ᠰᠡᠷᠭᠡᠶᠢᠯᠡᠨ᠎ᠡ᠃ | |