ᠭᠦᠸᠧ ᠲᠢᠶᠠᠨ ᠪᠦᠦ ᠭᠤᠣᠯ ᠨᠠᠭᠤᠷ ᠤᠨ ᠳᠠᠷᠤᠭ᠎ᠠ ᠶᠢᠨ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/5/13
     5 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠭᠦᠸᠧ ᠲᠢᠶᠠᠨ ᠪᠦᠦ ᠴᠠᠩ ᠱᠧᠩ ᠪᠠᠯᠭᠠᠰᠤᠨ ᠤ ᠰᠢᠸ ᠱᠦᠢ ᠾᠧ ᠭᠤᠣᠯ ᠤᠨ  ᠲᠠᠰᠤᠷᠬᠠᠢ ᠬᠡᠰᠡᠭ᠂ ᠪᠠᠭ᠎ᠠ ᠦ᠋ ᠵᠢᠶᠠ ᠽᠢ ᠤᠰᠤᠨ ᠴᠥᠭᠦᠷᠥᠮ ᠳᠤ ᠬᠦᠷᠴᠦ᠂ ᠭᠤᠣᠯ ᠨᠠᠭᠤᠷ ᠤᠨ ᠳᠠᠷᠤᠭ᠎ᠠ ᠶᠢᠨ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ᠃
  郭天宝开展河湖长巡查工作.jpg   
    ᠡᠨᠡ ᠬᠤᠭᠤᠴᠠᠭᠠᠨ ᠳᠤ᠂ ᠭᠦᠸᠧ ᠲᠢᠶᠠᠨ ᠪᠦᠦ ᠭᠤᠣᠯ ᠤᠨ ᠵᠠᠮ᠂ ᠤᠰᠤᠨ ᠴᠥᠭᠦᠷᠥᠮ ᠤᠨ ᠤᠰᠤᠨ ᠤ ᠴᠢᠨᠠᠷ᠂ ᠤᠰᠤᠨ ᠤ ᠣᠷᠴᠢᠨ ᠲᠣᠭᠤᠷᠢᠨ ᠵᠡᠷᠭᠡ ᠪᠠᠶᠢᠳᠠᠯ ᠢ ᠨᠠᠷᠢᠨ ᠨᠢᠮᠪᠠᠢ ᠲᠣᠭᠤᠷᠢᠨ ᠪᠠᠶᠢᠴᠠᠭᠠᠵᠠᠢ᠃ ᠡᠭᠦᠨ ᠤ ᠬᠠᠮᠲᠤ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠂ ᠭᠤᠣᠯ ᠤᠨ ᠵᠠᠮ ᠵᠢᠴᠢ ᠡᠷᠬᠢᠨ ᠲᠣᠭᠤᠷᠢᠨ ᠤ ᠬᠤᠭ ᠨᠣᠪᠰᠢ ᠶᠢ ᠴᠡᠪᠡᠷᠯᠡᠬᠦ ᠠᠵᠢᠯ ᠢ ᠰᠠᠶᠢᠲᠤᠷ ᠬᠢᠵᠦ᠂ ᠤᠰᠤᠨ ᠤ ᠡᠬᠢ ᠰᠤᠷᠪᠤᠯᠵᠢ ᠶᠢᠨ ᠪᠣᠬᠢᠷᠲᠤᠯ ᠵᠡᠷᠭᠡ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠡᠭᠦᠰᠬᠦ ᠶᠢ ᠡᠷᠡᠰ ᠴᠠᠭᠠᠵᠠᠯᠠᠵᠤ᠂ ᠤᠰᠤᠨ ᠤ ᠠᠮᠢ ᠠᠬᠤᠢ ᠶᠢᠨ ᠣᠷᠴᠢᠨ ᠨᠥᠬᠦᠴᠡᠯ ᠤᠨ ᠦᠷᠭᠦᠯᠵᠢᠯᠡᠨ ᠰᠠᠶᠢᠵᠢᠷᠠᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠢᠴᠢ ᠴᠠᠩ ᠱᠧᠩ ᠪᠠᠯᠭᠠᠰᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠣᠷᠣᠯᠴᠠᠵᠠᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号