ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠤᠯᠠᠮᠵᠢᠯᠠᠵᠥ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠤᠨ᠂ ᠠᠳᠤᠭᠤᠨ ᠰᠣᠶᠣᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠰᠣᠶᠣᠯ | ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠶᠢ ᠠᠬᠢᠭᠤᠯᠵᠤ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠬᠵᠢᠭᠤᠯᠬᠤ ᠶᠢᠨ ᠲᠤᠰᠠᠳᠠ 5 ᠰᠠᠷ᠎ᠠ ᠶᠢᠨ 10 ᠤ ᠡᠳᠤᠷ᠂ ᠮᠤᠳᠤᠳᠤ ᠰᠤᠮᠤ ᠶᠢᠨ ᠤᠯᠠᠭᠠᠬᠤᠳᠤ ᠭᠠᠴᠠᠭ᠎ᠠ | ᠤᠯᠠᠮᠵᠢᠯᠠᠯᠲᠤ ᠮᠤᠷᠢ ᠤᠷᠤᠯᠳᠤᠬᠤ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ ᠰᠤᠮᠤᠨ ᠤ ᠳᠣᠲᠣᠷ᠎ᠠ ᠭᠠᠳᠠᠨᠠᠬᠢ 100 ᠭᠠᠷᠤᠶ ᠮᠣᠷᠢᠴᠢᠨ᠂ 100 | ᠭᠠᠷᠤᠶ ᠮᠣᠷᠢᠳ ᠢ ᠲᠠᠲᠠᠵᠤ ᠠᠪᠴᠢᠷᠠᠵᠠᠶ᠃ ᠤᠷᠤᠯᠳᠤᠭᠠᠨ ᠢ 5 ᠲᠠᠯᠠᠪᠠᠢ ᠬᠤᠪᠢᠶᠠᠵᠤ ᠶᠠᠪᠤᠬᠳᠠᠭᠤᠯᠪᠠ᠃ | ᠣᠳᠣᠬᠠᠨ ᠳᠤ᠂ ᠮᠣᠷᠢᠨ ᠤᠷᠤᠯᠳᠤᠭᠠᠨ ᠤ ᠠᠭᠤᠯᠭ᠎ᠠ ᠡᠳᠦᠷ ᠢᠷᠡᠬᠦᠶ᠎ᠡ ᠪᠠᠶᠠᠯᠢᠭᠵᠢᠵᠤ᠂ ᠬᠡᠪᠴᠢᠶ᠎ᠡ ᠠᠯᠬᠤᠮ | ᠠᠯᠬᠤᠮ ᠢᠶᠠᠷ ᠥᠷᠭᠡᠳᠴᠦ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ᠂ ᠦᠨᠳᠦᠰᠦᠲᠡᠨ ᠤ ᠰᠣᠶᠣᠯ ᠤᠨ | ᠦᠵᠡᠭᠦᠯᠦᠯᠭᠡ᠂ ᠰᠡᠯᠡᠭᠦᠴᠡᠯ ᠵᠤᠭ᠎ᠠ ᠴᠡᠩᠭᠡᠯ ᠪᠠ ᠰᠣᠶᠣᠯ ᠤᠨ ᠠᠭᠤᠰᠤᠯᠴᠠᠯ ᠵᠡᠷᠭᠡ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠠᠵᠢᠯᠯᠠᠭ᠎ᠠ ᠪᠣᠯᠵᠤ᠂ ᠤᠯᠠᠭᠠᠬᠤᠳᠤ ᠶᠢᠨ ᠮᠤᠷᠢᠨ ᠤᠷᠤᠯᠳᠤᠭᠠᠨ | ᠤ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠨᠢ ᠦᠨᠳᠦᠰᠦᠲᠡᠨ ᠤ ᠤᠯᠠᠮᠵᠢᠯᠠᠯᠲᠤ ᠰᠣᠶᠣᠯ ᠢ ᠵᠠᠯᠭᠠᠮᠵᠢᠯᠠᠨ | ᠪᠠᠳᠠᠷᠠᠭᠤᠯᠬᠤ ᠶᠢᠨ ᠬᠠᠮᠲᠤ ᠲᠤᠰ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠳᠠᠶᠢᠴᠢᠯᠠᠨ᠂ ᠨᠠᠩ | ᠣᠯᠠᠨ ᠬᠥᠮᠦᠰ ᠢ ᠮᠣᠷᠢᠨ ᠤᠷᠤᠯᠳᠤᠭᠠᠨ ᠳᠤ ᠣᠷᠣᠯᠴᠠᠭᠤᠯᠵᠤ᠂ ᠮᠣᠩᠭᠤᠯ ᠦᠨᠳᠦᠰᠦᠲᠡᠨ ᠤ ᠠᠳᠤᠭᠤᠨ ᠰᠣᠶᠣᠯ ᠢ | ᠮᠡᠳᠡᠷᠡᠭᠦᠯᠪᠡ᠃ | ᠤᠯᠠᠭᠠᠬᠤᠳᠤ ᠶᠢᠨ ᠮᠤᠷᠢᠨ ᠤᠷᠤᠯᠳᠤᠭᠠᠨ ᠤ ᠲᠠᠯᠠᠪᠠᠶ ᠶᠢ 2022 ᠣᠨ ᠳᠤ ᠪᠠᠶᠢᠭᠤᠯᠵᠤ ᠳᠠᠭᠤᠰᠬᠠᠪᠠ᠂ | ᠶᠡᠷᠦᠩᠬᠡᠢ ᠲᠠᠯᠠᠪᠠᠢ ᠨᠢ 89650 ᠲᠡᠭᠰᠢ ᠳᠥᠷᠪᠡᠯᠵᠢᠨ ᠮᠧᠲᠷ ᠪᠠᠶᠢᠵᠤ᠂ ᠪᠠᠶᠢᠭᠤᠯᠤᠭᠰᠠᠨ ᠠᠴᠠ ᠨᠠᠭᠠᠰᠢ | ᠨᠠᠭᠠᠳᠤᠮ ᠤᠨ ᠬᠤᠷᠠᠯ᠂ ᠰᠣᠶᠣᠯ ᠵᠢᠭᠤᠯᠴᠢᠯᠠᠯ ᠤᠨ ᠨᠠᠶᠢᠷ᠂ ᠮᠣᠷᠢ ᠤᠷᠤᠯᠳᠤᠬᠤ ᠵᠡᠷᠭᠡ ᠣᠯᠠᠨ ᠵᠦᠢᠯ ᠤᠨ | ᠠᠵᠢᠯᠯᠠᠭ᠎ᠠ ᠶᠢ 10 ᠭᠠᠷᠤᠢ ᠤᠳᠠᠭ᠎ᠠ ᠬᠦᠯᠢᠶᠡᠨ ᠠᠪᠤᠪᠠ᠃ ᠲᠤᠬᠠᠶ ᠶᠢᠨ ᠭᠠᠵᠠᠷ ᠤᠨ ᠳᠥᠭᠦᠮ ᠳᠥᠲᠡ ᠭᠠᠵᠠᠷ | ᠵᠦᠶ ᠶᠢᠨ ᠣᠷᠣᠨ ᠪᠠᠶᠢᠷᠢ ᠳᠤ ᠲᠦᠰᠢᠭᠯᠡᠨ᠂ ᠠᠳᠤᠭᠤ ᠰᠤᠷᠭᠠᠬᠤ᠂ ᠮᠣᠷᠢ ᠲᠡᠵᠢᠭᠡᠬᠦ᠂ ᠮᠣᠷᠢᠨ ᠤᠷᠤᠯᠳᠤᠭᠠᠨ ᠤ | ᠠᠵᠤ ᠦᠢᠯᠡᠰ ᠤᠨ ᠬᠡᠯᠬᠢᠶ᠎ᠡ ᠪᠠᠷ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠳᠠᠶᠢᠴᠢᠯᠠᠨ | ᠂ ᠥᠷᠭᠡᠨ ᠣᠯᠠᠨ ᠮᠠᠯᠴᠢᠨ ᠲᠠᠷᠢᠶᠠᠴᠢᠨ ᠤ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ | ᠬᠦᠳᠦᠯᠦᠨ ᠵᠢᠯᠤᠭᠤᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠳᠤᠭᠤᠨ ᠤ ᠠᠵᠤ ᠦᠢᠯᠡᠰ | ᠂ ᠵᠢᠭᠤᠯᠴᠢᠯᠠᠯ ᠰᠣᠶᠣᠯ ᠤᠨ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠭᠦᠨᠵᠡᠭᠡᠶ ᠠᠬᠢᠭᠤᠯᠤᠨ᠂ ᠲᠠᠯ᠎ᠠ | ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠶᠢ ᠲᠦᠷᠭᠡᠳᠭᠡᠪᠡ᠃ | | | | | |